ᠤᠩᠨᠢᠭᠤᠳ ᠬᠤᠰᠢᠭᠤ ᠡᠨᠡ ᠵᠢᠯ ᠠᠮᠢ ᠠᠬᠤᠢ ᠶᠢᠨ ᠬᠠᠮᠠᠭᠠᠯᠠᠯᠲᠠ ᠶᠢ ᠪᠦᠬᠦ ᠲᠠᠯ᠎ᠠ ᠪᠠᠷ  ᠴᠢᠩᠭᠠᠳᠬᠠᠵᠤ ᠪᠤᠢ
ᠨᠡᠶᠢᠲᠡᠯᠡᠭᠰᠡᠨ ᠴᠠᠭ᠄
2023/7/25
               ᠤᠩᠨᠢᠭᠤᠳ ᠬᠤᠰᠢᠭᠤ ᠡᠨᠡ ᠵᠢᠯ  ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ  ᠶᠢ ᠨᠢᠭᠡᠳᠦᠯᠲᠡᠶ ᠲᠥᠯᠥᠪᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠪᠠ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠲᠡᠩᠨᠡᠭᠦᠷ ᠤᠨ ᠭᠤᠤᠯ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ᠂ ᠵᠡᠭᠦᠨ ᠬᠡᠰᠡᠭ ᠤᠨ ᠪᠡᠯᠴᠢᠭᠡᠷ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠤᠯᠤᠰ ᠤᠨ ᠲᠠᠰ ᠤᠨ ᠬᠡᠭᠡᠷ᠎ᠡ ᠶᠢᠨ ᠲᠠᠤᠯᠠᠢ ᠶᠢᠨ ᠪᠦᠭᠡᠷ᠎ᠡ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠵᠡᠷᠭᠡ ᠲᠥᠷᠥᠯ ᠵᠦᠶᠯ ᠢ ᠰᠠᠶᠢᠲᠤᠷ ᠬᠡᠷᠡᠭᠵᠢᠭᠦᠯᠵᠦ᠂ ᠪᠥᠬᠦ ᠵᠢᠯ ᠳᠤ 27 ᠲᠦᠮᠡᠨ ᠮᠥ ᠡᠯᠡᠰᠦ ᠶᠢ ᠶᠡᠷᠦᠩᠬᠡᠶᠢᠯᠡᠨ ᠵᠠᠰᠠᠵᠤ᠂ ᠣᠶ ᠰᠢᠭᠤᠶ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ 8 . 5 ᠲᠦᠮᠡᠨ ᠮᠥ ᠨᠡᠮᠡᠭᠳᠡᠭᠦᠯᠵᠦ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠥᠯᠢᠭᠡᠷ ᠳᠠᠭᠤᠷᠢᠶᠠᠯ ᠢᠨᠵᠧᠨᠧᠷᠢᠩ ᠢ ᠬᠦᠴᠦᠯᠡᠨ ᠪᠠᠶᠢᠭᠤᠯᠤᠨ᠎ᠠ  ᠃ ᠭᠤᠤᠯ ᠮᠥᠷᠡᠨ ᠨᠠᠭᠤᠷ ᠴᠥᠭᠦᠷᠥᠮ  ᠤᠨ ᠳᠠᠷᠤᠭ᠎ᠠ ᠶᠢᠨ ᠲᠦᠷᠢᠮ᠂ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ 《 ᠭᠤᠤᠯ ᠢᠶᠠᠷ ᠭᠤᠤᠯ ᠢ ᠵᠠᠰᠠᠬᠤ 》 ᠵᠠᠰᠠᠯᠲᠠ ᠶᠢᠨ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ  ᠃ ᠬᠠᠶᠠᠭᠳᠠᠮᠠᠯ ᠠᠭᠤᠷᠬᠠᠶ ᠶᠢ ᠵᠠᠰᠠᠬᠤ᠂ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠦᠨ᠎ᠡ  ᠃ 《 ᠰᠢᠨ᠎ᠡ ᠡᠨᠧᠷᠭᠢ + ᠠᠮᠢ ᠠᠬᠤᠢ ᠶᠢᠨ ᠡᠯᠡᠰᠦ ᠵᠠᠰᠠᠬᠤ + ᠡᠪᠡᠰᠦ ᠪᠣᠷᠳᠤᠭ᠎ᠠ ᠲᠠᠷᠢᠬᠤ + ᠤᠨᠴᠠᠯᠢᠬᠳᠤ ᠲᠡᠵᠢᠭᠡᠨ ᠦᠷᠡᠵᠢᠭᠦᠯᠬᠦ + ᠡᠯᠡᠰᠦᠨ ᠤ ᠠᠮᠢ ᠠᠬᠤᠢ ᠶᠢᠨ ᠵᠢᠭᠤᠯᠴᠢᠯᠠᠯ 》 ᠤᠨ ᠡᠷᠬᠢᠯᠳᠡᠳᠤ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠢᠳᠡᠪᠬᠢᠲᠡᠢ ᠳᠡᠯᠭᠡᠷᠡᠭᠦᠯᠵᠦ᠂ ᠤᠢ ᠰᠢᠭᠤᠢ ᠵᠢᠮᠢᠰ᠂ ᠤᠢ ᠰᠢᠭᠤᠢ᠂ ᠡᠪᠡᠰᠦᠨ ᠤ ᠦᠢᠯᠡᠰ ᠪᠣᠯᠤᠨ ᠡᠯᠡᠰᠦᠷᠬᠡᠭ ᠭᠠᠵᠠᠷ ᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂  ᠠᠮᠢ ᠠᠬᠤᠢ ᠶᠢᠨ ᠦᠷ᠎ᠡ ᠠᠰᠢᠭ ᠢ  ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠣᠯᠭᠠᠨ ᠨᠡᠩ ᠰᠠᠶᠢᠨ ᠬᠤᠪᠢᠷᠠᠭᠤᠯᠬᠤ  ᠪᠠᠷ  ᠴᠢᠷᠮᠠᠶᠢᠵᠤ ᠪᠤᠢ᠃  
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号