︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢᠨ ᠤᠨᠤᠯ ᠤᠨ ᠰᠤᠳᠤᠯᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ ᠰᠢᠦᠢ ᠵᠢᠢ ᠳ᠋ᠧ ᠵᠧᠩ ᠬᠤᠩ ᠹᠠᠨ ᠳᠠᠶᠢᠴᠢᠨ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2023/8/17
                8 ᠳ᠋ᠤᠭᠠᠷ ᠰᠠᠷ᠎ᠠ ᠶᠢᠨ 15 ᠤ ᠡᠳᠦᠷ ᠪᠣᠯ ᠮᠠᠨ ᠤ ᠤᠯᠤᠰ ᠤᠨ ᠠᠩᠬᠠᠳᠠᠭᠴᠢ ᠪᠥᠬᠦ ᠤᠯᠤᠰ ᠤᠨ ᠠᠮᠢ ᠠᠬᠤᠢ ᠶᠢᠨ ᠡᠳᠦᠷ ᠪᠣᠯᠣᠨ᠎ᠠ᠂ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠭᠰᠡᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢᠨ ᠣᠨᠣᠯ ᠤᠨ ᠰᠤᠳᠤᠯᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ᠃ ᠪᠥᠬᠦ ᠤᠯᠤᠰ ᠤᠨ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠭᠡᠷ ᠤᠨ ᠲᠤᠰᠬᠠᠢ ᠲᠤᠰᠢᠶᠠᠯᠲᠤ ᠳᠡᠳ᠋ ᠡᠷᠬᠢᠯᠡᠭᠴᠢ ᠰᠢᠦᠢ ᠵᠢᠢ ᠳ᠋ᠧ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠳᠠᠭᠤᠰᠤᠰᠢ ᠦᠭᠡᠢ ᠤᠶᠤᠨ ᠰᠠᠨᠠᠭᠠᠨ ᠤ ᠬᠦᠴᠦᠨ ᠢ ᠭᠠᠷᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠤᠯᠤᠰ ᠤᠨ ᠤᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠤᠢ ᠰᠢᠭᠤᠢ ᠨᠤᠲᠤᠭ ᠪᠡᠯᠴᠢᠭᠡᠷ ᠤᠨ ᠪᠠᠶᠢᠴᠠᠭᠠᠯᠲᠠ ᠲᠥᠯᠦᠪᠵᠢᠭᠦᠯᠭᠡ ᠶᠢᠨ ᠬᠦᠷᠢᠶᠡᠯᠡᠩ᠂ ᠪᠡᠭᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ ᠵᠡᠷᠭᠡ ᠶᠢᠨ ᠲᠤᠰᠬᠠᠢ ᠮᠡᠷᠭᠡᠵᠢᠯᠲᠡᠨ ᠡᠷᠳᠡᠮᠲᠡᠳ᠂ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠤᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠢᠨᠵᠧᠨᠧᠷᠢᠩ ᠳᠤ ᠬᠤᠯᠪᠣᠭᠳᠠᠭᠰᠠᠨ 13 ᠮᠤᠵᠢ ᠣᠷᠣᠨ ᠬᠤᠳᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃ ᠣᠷᠳᠣᠰ ᠬᠤᠳᠠ ᠶᠢᠨ ᠬᠠᠩᠭᠢᠨ ᠬᠤᠰᠢᠭᠤ᠂ ᠪᠠᠶᠠᠨᠨᠠᠭᠤᠷ ᠬᠤᠳᠠ ᠶᠢᠨ ᠳ᠋ᠧᠩᠺᠸᠦ ᠰᠢᠶᠠᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠲᠤᠷᠰᠢᠯᠭ᠎ᠠ ᠪᠠᠨ ᠲᠠᠨᠢᠯᠴᠠᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号