ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠤ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠵᠠᠮ ᠢ ᠪᠠᠲᠤᠯᠠᠵᠤ ᠲᠥᠷᠥᠬᠦᠦ 7 ᠰᠠᠷ᠎ᠠ ᠳᠤ ᠮᠠᠨ ᠤ ᠣᠷᠣᠨ ᠨᠡᠶᠢᠲᠡ 10.3 ᠳ᠋ᠦᠩᠰᠢᠭᠤᠷ ᠲᠥᠭᠦᠷᠢᠭ ᠤᠨ ᠵᠠᠮ ᠨᠡᠪᠲᠡᠷᠡᠯᠭᠡ ᠶᠢᠨ ᠰᠦᠢᠳᠬᠡᠯ ᠢ ᠬᠠᠰᠤᠵᠤ ᠬᠡᠯᠲᠦᠷᠢᠭᠦᠯᠪᠡ
ᠨᠡᠶᠢᠲᠡᠯᠡᠭᠰᠡᠨ ᠴᠠᠭ᠄
2023/8/17
                ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠡ ᠶᠢ ᠦᠨᠳᠦᠰᠦᠯᠡᠪᠡᠯ᠂ ᠡᠨᠡ ᠵᠢᠯ ᠤᠨ ᠲᠦᠷᠦᠭᠦᠤ 7 ᠰᠠᠷ᠎ᠠ ᠳᠤ᠂ ᠪᠥᠬᠦ ᠣᠷᠣᠨ ᠳᠤ ᠨᠡᠶᠢᠲᠡ 103094 ᠲᠦᠮᠡᠨ ᠲᠥᠭᠦᠷᠢᠭ ᠤᠨ ᠵᠠᠮ ᠨᠡᠪᠲᠡᠷᠡᠯᠭᠡ ᠶᠢᠨ ᠰᠦᠢᠳᠬᠡᠯ ᠢ ᠬᠠᠰᠤᠵᠤ ᠬᠡᠯᠲᠦᠷᠢᠭᠦᠯᠵᠦ᠂ ᠠᠳᠠᠯᠢ ᠬᠤᠭᠤᠴᠠᠭᠠᠨ ᠤ ᠬᠢ ᠠᠴᠠ 26% ᠪᠠᠷ ᠨᠡᠮᠡᠭᠳᠡᠪᠡ᠃ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠡᠯ᠎ᠡ ᠲᠥᠷᠥᠯ ᠤᠨ ᠵᠠᠮ ᠤᠨ ᠰᠦᠢᠳᠬᠡᠯ ᠢᠶᠠᠷ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠠᠬᠢᠭᠤᠯᠪᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠪᠣᠯᠣᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠤᠯᠪᠣᠭᠠᠯᠠᠨ ᠲᠠᠷᠬᠠᠭᠠᠭᠰᠠᠨ ︽ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠤ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠵᠠᠮ ᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ︽ᠬᠤᠯᠢᠰᠢᠨ ᠢᠳᠡᠭᠡᠨ︾ ᠤ ᠬᠠᠩᠭᠠᠯᠭ᠎ᠠ ᠶᠢ ᠪᠠᠲᠤᠯᠠᠨ᠂ ᠬᠠᠤᠯᠢ ᠶᠣᠰᠣᠭᠠᠷ ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠪᠦᠬᠦᠯᠢ ᠲᠡᠷᠭᠡ ᠪᠠᠷ ᠠᠴᠢᠵᠤ ᠲᠡᠭᠡᠭᠡᠪᠦᠷᠢᠯᠡᠭᠰᠡᠨ ᠲᠡᠷᠭᠡ ᠬᠥᠰᠬᠡ ᠠᠴᠠ 23790 ᠲᠦᠮᠡᠨ ᠲᠥᠭᠦᠷᠢᠭ ᠤᠨ ᠲᠡᠷᠭᠡ ᠬᠥᠰᠬᠡ ᠶᠢᠨ ᠵᠠᠮ ᠨᠡᠪᠲᠡᠷᠡᠯᠭᠡ ᠶᠢᠨ ᠰᠦᠢᠳᠬᠡᠯ ᠢ ᠬᠠᠰᠤᠵᠤ ᠬᠡᠯᠲᠦᠷᠢᠭᠦᠯᠵᠡᠢ᠃ ᠪᠥᠬᠦ ᠣᠷᠣᠨ ᠤ ᠠᠯᠢᠪᠠ ᠪᠦᠬᠦᠢ ᠳᠡᠭᠡᠳᠦ ᠬᠤᠷᠳᠤ ᠶᠢᠨ ᠵᠠᠰᠠᠮᠠᠯ ᠵᠠᠮ ᠢᠶᠠᠷ ᠨᠡᠪᠲᠡᠷᠡᠬᠦ ᠲᠡᠷᠭᠡ ᠬᠥᠰᠬᠡ ᠶᠢᠨ ETC ᠺᠠᠷᠲ ᠢᠶᠠᠷ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠠᠮ ᠨᠡᠪᠲᠡᠷᠡᠯᠭᠡ ᠶᠢᠨ ᠰᠦᠢᠳᠬᠡᠯ ᠢ ᠪᠦᠷᠢᠨ ᠲᠤᠰᠢᠶᠠᠭᠰᠠᠨ ᠬᠡᠷᠡᠭᠯᠡᠭᠴᠢ ᠠᠴᠠ 9.5 ᠪᠠᠷ ᠨᠤᠭᠤᠯᠤᠨ ᠪᠣᠳᠣᠵᠤ ᠰᠦᠢᠳᠬᠡᠯ ᠬᠤᠷᠢᠶᠠᠵᠤ᠂ ᠨᠡᠶᠢᠲᠡ 30053 ᠲᠦᠮᠡᠨ ᠲᠥᠭᠦᠷᠢᠭ ᠢ ᠬᠠᠰᠤᠵᠤ ᠬᠡᠯᠲᠦᠷᠢᠭᠦᠯᠪᠡ᠃ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠠᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠦᠭᠡᠢ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 7 ᠵᠢᠴᠢ ᠲᠡᠭᠦᠨ ᠠᠴᠠ ᠴᠥᠭᠡᠨ ᠰᠠᠭᠤᠳᠠᠯ ᠲᠠᠢ ᠠᠶᠠᠨᠴᠢᠨ ᠤ ᠪᠠᠭ᠎ᠠ ᠮᠠᠰᠢᠨ ᠲᠡᠷᠭᠡᠨ ᠤ ᠵᠠᠮ ᠨᠡᠪᠲᠡᠷᠡᠯᠭᠡ ᠶᠢᠨ ᠰᠦᠢᠳᠬᠡᠯ ᠢ 33734 ᠲᠦᠮᠡᠨ ᠲᠥᠭᠦᠷᠢᠭ ᠬᠡᠯᠲᠦᠷᠢᠭᠦᠯᠵᠡᠢ᠃ ᠴᠡᠷᠢᠭ ᠠᠩᠭᠢ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠡᠷᠭᠡ ᠬᠥᠰᠬᠡ᠂ ᠠᠶᠤᠯ ᠭᠠᠮᠰᠢᠭ ᠠᠴᠠ ᠠᠪᠤᠷᠠᠬᠤ ᠡᠭᠦᠷᠭᠡ ᠶᠢ ᠭᠦᠢᠴᠡᠳᠬᠡᠵᠦ ᠶᠠᠪᠤᠭ᠎ᠠ ᠲᠡᠷᠭᠡ ᠬᠥᠰᠬᠡ ᠵᠡᠷᠭᠡ ᠵᠠᠮ ᠨᠡᠪᠲᠡᠷᠡᠯᠭᠡ ᠶᠢᠨ ᠰᠦᠢᠳᠬᠡᠯ ᠠᠴᠠ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠳᠤ ᠨᠡᠶᠢᠴᠡᠬᠦ ᠲᠡᠷᠭᠡ ᠬᠥᠰᠬᠡ ᠠᠴᠠ 9114 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠳ᠋ ᠪᠠᠷᠠᠭ᠎ᠠ ᠲᠡᠭᠡᠭᠡᠪᠦᠷᠢᠯᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠨᠡᠶᠢᠲᠡ 6318 ᠲᠦᠮᠡᠨ ᠲᠥᠭᠦᠷᠢᠭ ᠢ ᠬᠠᠰᠤᠵᠤ ᠬᠡᠯᠲᠦᠷᠢᠭᠦᠯᠪᠡ᠃ ᠰᠢᠨ᠎ᠡ ᠡᠨᠧᠷᠭᠢ ᠶᠢᠨ ᠮᠠᠰᠢᠨ ᠲᠡᠷᠭᠡ ᠠᠴᠠ 85 ᠲᠦᠮᠡᠨ ᠲᠥᠭᠦᠷᠢᠭ ᠢ ᠵᠦᠷᠢᠶᠡᠴᠢᠯᠡᠨ ᠬᠠᠰᠤᠵᠤ ᠬᠡᠯᠲᠦᠷᠢᠭᠦᠯᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号