ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠲᠤᠰᠬᠠᠢ ᠰᠡᠳᠦᠪᠲᠦ ᠵᠥᠪᠳᠡᠯᠴᠡᠬᠦ ᠬᠤᠷᠠᠯ ᠬᠤᠷᠠᠯᠳᠤᠭᠤᠯᠪᠠ ᠶᠣᠣ ᠶᠦᠩ ᠪᠦᠸᠧ ᠴᠡᠴᠡᠭ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2023/8/17
               8 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ︽ᠪᠥᠬᠦ ᠣᠷᠣᠨ ᠤ ᠭᠠᠵᠠᠷ ᠰᠢᠷᠣᠢ ᠶᠢᠨ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠬᠦ︾ ᠲᠤᠰᠬᠠᠢ ᠰᠡᠳᠦᠪᠲᠦ ᠵᠥᠪᠳᠡᠯᠴᠡᠬᠦ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠥᠸᠧ ᠮᠠᠨ ᠤ ᠣᠷᠣᠨ ᠤ ᠭᠠᠵᠠᠷ ᠰᠢᠷᠣᠢ ᠶᠢᠨ ᠡᠬᠢ ᠪᠠᠶᠠᠯᠢᠭ ᠤᠨ ᠠᠰᠢᠭᠯᠠᠮᠵᠢ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠡᠴᠡᠭ ᠶᠠᠷᠢᠶ᠎ᠠ ᠲᠠᠯᠪᠢᠪᠠ᠃ ᠬᠤᠷᠠᠯ ᠳᠤ ᠣᠷᠣᠯᠴᠠᠭᠰᠠᠳ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠣᠶᠤᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠵᠥᠪᠳᠡᠯᠴᠡᠬᠦ ᠰᠡᠳᠦᠪ ᠲᠤ ᠴᠢᠭᠯᠡᠭᠦᠯᠦᠨ ᠰᠠᠨᠠᠭᠤᠯᠭ᠎ᠠ ᠳᠤᠷᠠᠳᠬᠤ ᠶᠢᠨ ᠬᠠᠮᠲᠤ ᠬᠠᠷᠢᠯᠴᠠᠨ ᠵᠥᠪᠳᠡᠯᠴᠡᠪᠡ᠃ ᠤᠯᠠᠨ ᠢᠶᠠᠷ ᠢᠶᠠᠨ᠂ ᠦᠵᠡᠯ ᠪᠣᠳᠣᠯ ᠢᠶᠠᠨ ᠬᠤᠪᠢᠷᠠᠭᠤᠯᠵᠤ᠂ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ ᠪᠠᠶᠢᠭᠠᠳ ᠬᠥᠳᠡᠭᠡ ᠲᠣᠰᠬᠤᠨ ᠤ ᠭᠠᠵᠠᠷ ᠰᠢᠷᠣᠢ ᠶᠢᠨ ᠠᠰᠢᠭᠯᠠᠮᠵᠢ ᠶᠢ ᠳᠡᠭᠡᠭᠰᠢᠯᠡᠭᠦᠯᠵᠦ᠂ ᠬᠤᠳᠠ ᠪᠠᠯᠭᠠᠰᠤᠨ ᠤ ᠳᠣᠣᠷ᠎ᠠ ᠠᠰᠢᠭᠯᠠᠮᠵᠢ ᠲᠠᠢ ᠭᠠᠵᠠᠷ ᠰᠢᠷᠣᠢ ᠶᠢ ᠲᠠᠬᠢᠨ ᠨᠡᠭᠡᠭᠡᠨ ᠠᠰᠢᠭᠯᠠᠬᠤ ᠶᠢ ᠶᠡᠭᠡ ᠪᠠᠷ ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠠᠵᠠᠷ ᠰᠢᠷᠣᠢ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠭᠠᠵᠠᠷ ᠰᠢᠷᠣᠢ ᠶᠢᠨ ᠳᠠᠪᠠᠭᠤᠯᠢᠭ ᠢ ᠦᠨᠡᠨ ᠬᠦ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠰᠠᠨᠠᠯ ᠨᠢᠭᠡᠲᠡᠢ ᠦᠵᠡᠴᠡᠭᠡᠪᠡ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号