ᠮᠥᠩᠬᠡ ᠲᠥᠯᠥᠭᠡᠯᠡᠭᠴᠢᠳ ᠤᠨ ᠪᠦᠯᠬᠦᠮ ᠳᠠᠭᠠᠭᠤᠯᠤᠨ ᠪᠡᠭᠡᠵᠢᠩ ᠬᠤᠳᠠ ᠶᠢᠨ ᠲᠦᠩᠵᠸᠤ ᠲᠣᠭᠤᠷᠢᠭ ᠲᠤ ᠬᠦᠷᠴᠦ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/8/17
    ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠴᠢᠨᠠᠷ ᠰᠠᠶᠢᠲᠠᠶ ᠥᠷᠨᠢᠭᠦᠯᠬᠦ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ 8 ᠰᠠᠷ᠎ᠠ ᠶᠢᠨ 1 ᠠᠴᠠ 2 ᠤᠨ ᠡᠳᠦᠷ ᠪᠣᠯᠲᠠᠯ᠎ᠠ᠂  ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤᠨ ᠳᠠᠷᠤᠭ᠎ᠠ ᠮᠥᠩᠬᠡ ᠲᠥᠯᠥᠭᠡᠯᠡᠭᠴᠢᠳ ᠤᠨ ᠪᠦᠯᠬᠦᠮ ᠳᠠᠭᠠᠭᠤᠯᠤᠨ ᠪᠡᠭᠡᠵᠢᠩ ᠬᠤᠲᠠ ᠶᠢᠨ ᠲᠦᠩᠵᠸᠦ ᠲᠣᠭᠤᠷᠢᠭ ᠲᠤ ᠬᠦᠷᠴᠦ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠵᠢᠯᠴᠠᠭ᠎ᠠ ᠶᠢᠨ ᠠᠵᠢᠯ ᠢ ᠰᠢᠨᠵᠢᠯᠡᠨ ᠪᠠᠶᠢᠴᠠᠭᠠᠪᠠ᠃ ᠲᠦᠩᠵᠸᠦ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠲᠣᠭᠤᠷᠢᠭ ᠤᠨ ᠳᠠᠷᠤᠭ᠎ᠠ ᠡᠤ ᠺᠦᠩ ᠠᠨ ᠶᠠᠷᠢᠯᠴᠠᠬᠤ ᠬᠤᠷᠠᠯ ᠳᠤ ᠣᠷᠣᠯᠴᠠᠪᠠ᠃     ᠶᠠᠷᠢᠯᠴᠠᠬᠤ ᠬᠤᠷᠠᠯ ᠳᠡᠭᠡᠷ᠎ᠡ᠂ ᠮᠥᠩᠬᠡ ᠣᠶᠢᠷ᠎ᠠ ᠶᠢᠨ ᠵᠢᠯ ᠤᠨ ᠲᠤᠷᠰᠢᠬᠢ ᠬᠤᠶᠠᠷ ᠭᠠᠵᠠᠷ ᠤᠨ ᠵᠡᠭᠦᠨ ᠪᠠᠷᠠᠭᠤᠨ ᠣᠷᠣᠨ ᠤ ᠬᠠᠮᠵᠢᠯᠴᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠲᠦᠩᠵᠸᠦ ᠲᠣᠭᠤᠷᠢᠭ ᠤᠨ ᠣᠷᠳᠣ ᠬᠤᠭᠤᠴᠠᠭᠠᠨ ᠤ ᠲᠤᠷᠰᠢ ᠣᠩᠨᠢᠭᠤᠳ ᠬᠤᠰᠢᠭᠤᠨ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠪᠠ ᠴᠢᠩ ᠰᠡᠳᠬᠢᠯ ᠤᠨ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ ᠃ ᠲᠡᠷᠡ᠂ ᠠᠷᠪᠠᠨ ᠬᠡᠳᠦᠨ ᠵᠢᠯ ᠤᠨ ᠲᠤᠷᠰᠢ᠂ ᠲᠦᠩᠵᠸᠤ ᠶᠢᠨ ᠬᠢᠨ ᠨᠡᠶᠢᠳᠡ 3 . 6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ 163 ᠲᠦᠷᠦᠯ ᠵᠦᠢᠯ ᠢ ᠬᠡᠷᠡᠭᠵᠢᠭᠦᠯᠵᠦ᠂ ᠣᠩᠨᠢᠭᠤᠳ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠭᠦᠢᠴᠡᠳ ᠬᠥᠳᠡᠯᠭᠡᠬᠦ ᠡᠨᠧᠷᠭᠢ ᠨᠡᠮᠡᠷᠢᠯᠡᠪᠡ᠃ ᠬᠤᠶᠢᠰᠢᠳᠠ᠂ ᠣᠩᠨᠢᠭᠤᠳ ᠬᠤᠰᠢᠭᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠪᠡᠭᠡᠵᠢᠩ ᠥᠪᠥᠷ ᠮᠣᠩᠭᠤᠯ ᠤᠨ ᠵᠡᠭᠦᠨ ᠪᠠᠷᠠᠭᠤᠨ ᠬᠡᠰᠡᠭ ᠤᠨ ᠬᠠᠮᠵᠢᠯᠴᠠᠬᠤ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢᠨ ᠬᠡᠷᠡᠭᠵᠢᠭᠦᠯᠬᠦ ᠲᠥᠰᠦᠯ︾ ᠲᠠᠢ ᠨᠢᠭᠲᠠ ᠬᠠᠷᠭᠤᠭᠤᠯᠵᠤ᠂ ᠲᠣᠰ ᠪᠡᠶ᠎ᠡ ᠶᠢᠨ ᠳᠠᠪᠠᠭᠤᠯᠢᠭ ᠢᠶᠠᠨ  ᠬᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ ᠲᠠᠰᠤᠷᠠᠯᠲᠠ ᠥᠬᠡᠶ ᠥᠷᠭᠡᠳᠬᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠬᠠᠮᠲᠤ ᠪᠠᠷ ᠠᠬᠢᠭᠤᠯᠤᠨ᠎ᠠ᠃ ᠬᠤᠷᠠᠯ ᠳᠡᠭᠡᠷ᠎ᠡ᠂ ᠡᠦ ᠺᠦᠩ ᠠᠨ ᠣᠩᠨᠢᠭᠤᠳ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠥᠷᠨᠢᠭᠦᠯᠬᠦ ᠪᠣᠯ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠ ᠪᠠᠶᠢᠷᠢᠯᠠᠭᠤᠯᠤᠯᠲᠠ ᠪᠣᠯᠤᠨ᠎ᠠ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ᠂ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠳᠤ ᠠᠰᠢᠭᠲᠠᠢ ᠪᠠᠶᠢᠵᠤ᠂ ᠬᠤᠶᠠᠷ ᠭᠠᠵᠠᠷ ᠤᠨ ᠬᠠᠮᠲᠤ ᠶᠢᠨ ᠴᠢᠷᠮᠠᠶᠢᠯᠭ᠎ᠠ ᠪᠠᠷ᠂ ᠡᠯ᠎ᠡ ᠲᠠᠯ᠎ᠠ ᠶᠢᠨ ᠠᠵᠢᠯ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠵᠠᠢ᠃ ᠲᠦᠩᠵᠧᠦ ᠲᠣᠭᠤᠷᠢᠭ ᠦᠷᠭᠦᠯᠵᠢᠯᠡᠨ ᠣᠩᠨᠢᠭᠤᠳ ᠬᠤᠰᠢᠭᠤᠨ ᠤ ᠬᠡᠷᠡᠭᠴᠡᠭᠡ ᠪᠠᠷ ᠭᠤᠣᠯᠳᠠᠭᠤᠯᠵᠤ᠂ ᠠᠵᠢᠯ ᠤᠨ ᠡᠭᠦᠷᠭᠡ ᠪᠠᠨ ᠴᠠᠭ ᠲᠤᠬᠠᠢ  ᠳᠤ ᠨᠢ ᠲᠤᠬᠢᠷᠠᠭᠤᠯᠤᠨ ᠰᠢᠯᠢᠳᠡᠭᠵᠢᠭᠦᠯᠵᠦ᠂ ᠠᠵᠤ ᠦᠢᠯᠡᠰ ᠢᠶᠠᠷ ᠳᠠᠶᠢᠴᠢᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠵᠢᠯᠴᠠᠭᠠᠨ ᠤ ᠲᠦᠪᠰᠢᠨ ᠢᠶᠠᠨ ᠳᠡᠭᠡᠭᠰᠢᠯᠡᠭᠦᠯᠵᠦ᠂ ᠬᠤᠶᠠᠷ ᠭᠠᠵᠠᠷ ᠤᠨ ᠠᠵᠤ ᠦᠢᠯᠡᠰ ᠤᠨ ᠳᠠᠪᠠᠭᠤᠯᠢᠭ ᠢᠶᠠᠨ ᠪᠠᠳᠠᠷᠠᠭᠤᠯᠤᠨ ᠬᠠᠷᠢᠯᠴᠠᠨ ᠨᠥᠬᠦᠪᠥᠷᠢᠯᠡᠵᠦ᠂ ᠣᠷᠣᠨ ᠪᠦᠰᠡ ᠶᠢᠨ ᠬᠠᠮᠲᠤᠷᠠᠯᠴᠠᠭ᠎ᠠ᠂ ᠬᠥᠳᠡᠯᠮᠦᠷᠢ ᠬᠦᠴᠦᠨ ᠤ ᠬᠠᠮᠵᠢᠯᠴᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠠᠮᠵᠢᠯᠴᠠᠭᠠᠨ ᠤ ᠵᠠᠭᠪᠤᠷ ᠢᠶᠠᠨ ᠪᠠᠶᠠᠯᠢᠭᠵᠢᠭᠤᠯᠤᠨ ᠥᠷᠭᠡᠳᠬᠡᠵᠦ᠂ ᠬᠠᠮᠵᠢᠯᠴᠠᠭᠠᠨ ᠤ ᠦᠷ᠎ᠡ ᠪᠦᠲᠦᠭᠡᠯ ᠢᠶᠠᠨ ᠲᠠᠰᠤᠷᠠᠯᠳᠠ ᠦᠭᠡᠢ ᠪᠠᠬᠢᠵᠢᠭᠦᠯᠦᠨ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠠ ᠪᠠᠷ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠭᠠᠵᠤ᠂ ᠰᠢᠨ᠎ᠡ ᠦᠷ᠎ᠡ ᠪᠦᠲᠦᠭᠡᠯ ᠤᠯᠬᠤ ᠶᠢ ᠠᠬᠢᠭᠤᠯᠵᠤ᠂ ᠬᠤᠶᠠᠷ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ᠃ ᠬᠤᠷᠠᠯ ᠤᠨ ᠳᠠᠷᠠᠭ᠎ᠠ᠂ ᠮᠥᠩᠬᠡ ᠲᠤᠰᠬᠠᠶᠢᠯᠠᠨ ᠲᠦᠩᠵᠸᠦ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠧᠩ ᠬᠤᠤ ᠲᠠᠢ ᠠᠭᠤᠯᠵᠠᠪᠠ᠃ ᠡᠨᠡ ᠬᠤᠭᠤᠴᠠᠭᠠᠨ ᠳᠤ᠂ ᠲᠥᠯᠥᠭᠡᠯᠡᠭᠴᠢᠳ ᠤᠨ ᠪᠦᠯᠬᠦᠮ ᠪᠠᠰᠠ ᠵᠥᠩ ᠨᠦᠩ ᠹᠦ᠋ ᠲᠦᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ᠂ ᠢᠦᠶ ᠵᠢᠶᠠ ᠶᠧ ᠣᠯᠠᠨ ᠤᠯᠤᠰ ᠤᠨ ᠦᠷ᠎ᠡ ᠶᠢᠨ  ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠢᠶᠠᠷ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠵᠠᠭᠪᠤᠷ᠂ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂  ᠦᠢᠯᠡᠳᠬᠦᠨ ᠤ ᠰᠤᠳᠤᠯᠤᠨ ᠨᠡᠭᠡᠭᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃          ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠦᠩ ᠵᠢᠦ ᠪᠢᠩ  ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠭᠠᠨᠪᠠᠭᠠᠲᠤᠷ ᠵᠡᠷᠭᠡ ᠤᠳᠤᠷᠢᠳᠤᠯᠭ᠎ᠠ ᠰᠢᠨᠵᠢᠯᠡᠨ  ᠪᠠᠶᠢᠴᠠᠭᠠᠬᠤ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号