ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠳ᠋ᠷ︾᠎ ᠢ ᠰᠠᠭᠠᠳ ᠦᠭᠡᠢ ᠨᠠᠪᠲᠠᠷᠡᠭᠦᠯᠵᠦ ᠮᠠᠨ ᠤ ᠣᠷᠣᠨ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ︵ᠴᠡᠭ︶ 6326᠎ ᠶᠢ ᠪᠠᠶᠢᠭᠤᠯᠵᠤ ᠳᠠᠭᠤᠰᠬᠠᠪᠠ
ᠨᠡᠶᠢᠲᠡᠯᠡᠭᠰᠡᠨ ᠴᠠᠭ᠄
2023/8/23
                  ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠣᠶᠢᠷ᠎ᠠ ᠶᠢᠨ ᠡᠳᠦᠷ ᠬᠤᠷᠠᠯᠳᠤᠭᠤᠯᠤᠭᠰᠠᠨ ᠪᠥᠬᠦ ᠣᠷᠣᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ︵ᠴᠡᠭ︶᠎ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠤᠨ ᠵᠢᠱᠢᠶ᠎ᠡ ᠦᠵᠡᠭᠦᠯᠬᠦ ᠪᠣᠯᠪᠠᠰᠤᠷᠠᠯ ᠤᠨ ᠠᠩᠭᠢ ᠠᠴᠠ ᠣᠶᠢᠯᠠᠭᠠᠭᠰᠠᠨ ᠢᠶᠠᠷ᠂ ᠣᠲᠣ ᠪᠣᠯᠲᠠᠯ᠎ᠠ᠂ ᠮᠠᠨ ᠤ ᠣᠷᠣᠨ ᠨᠢᠭᠡᠨᠲᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠪᠠᠷᠢᠮᠵᠢᠶᠠᠵᠢᠭᠤᠯᠤᠭᠰᠠᠨ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠶᠢ 1076᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠴᠡᠭ ᠢ 5250 ᠪᠠᠶᠢᠭᠤᠯᠵᠤ᠂ ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠬᠤᠶᠠᠷ ᠰᠠᠷ᠎ᠠ ᠤᠷᠢᠳᠴᠢᠯᠠᠨ ᠳᠠᠪᠠᠭᠤᠯᠤᠨ ᠪᠡᠶᠡᠯᠡᠭᠦᠯᠪᠡ᠃ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ︽ᠥᠪᠥᠷ ᠮᠣᠩᠭᠤᠯ ᠤᠨ 2023 ᠣᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ︵ᠴᠡᠭ︶᠎ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾᠎ ᠢ ᠳᠠᠷᠤᠮᠠᠯᠯᠠᠨ ᠲᠠᠷᠬᠠᠭᠠᠵᠤ᠂ 15 ᠮᠢᠨᠦ᠋ᠲ ᠤᠨ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠦᠷᠢᠶ᠎ᠡ ᠶᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠨᠠᠮ ᠤᠨ ᠭᠡᠰᠢᠭᠦᠨ ᠤ ᠲᠥᠪ ᠡᠷᠦᠬᠡ ᠵᠢᠴᠢ ᠠᠵᠤ ᠠᠬᠤᠶᠢᠯᠠᠯ᠂ ᠰᠤᠷᠭᠠᠭᠤᠯᠢ ᠶᠢᠨ ᠬᠦᠷᠢᠶ᠎ᠡ᠂ ᠪᠠᠩᠬᠢ ᠵᠡᠷᠭᠡ ᠲᠠᠯᠠᠪᠤᠷ ᠥᠭᠡᠳᠡ ᠥᠷᠭᠡᠳᠬᠡᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠳ᠋ᠷ︾᠎ ᠢ ᠰᠠᠭᠠᠳ ᠦᠭᠡᠢ ᠨᠡᠪᠲᠡᠷᠡᠭᠦᠯᠪᠡ᠃ ᠣᠲᠣ ᠪᠣᠯᠲᠠᠯ᠎ᠠ᠂ ᠪᠥᠬᠦ ᠣᠷᠣᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠴᠡᠭ ᠤᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠳᠠᠬᠢ ᠪᠦᠷᠬᠦᠴᠡ ᠶᠢᠨ ᠨᠣᠷᠮ᠎ᠠ 100%᠎ ᠳᠤ ᠬᠦᠷᠴᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠳᠠᠬᠢ ᠪᠦᠷᠬᠦᠴᠡ ᠶᠢᠨ ᠨᠣᠷᠮ᠎ᠠ 80.43%᠎ ᠳᠤ ᠬᠦᠷᠴᠦ᠂ ᠣᠯᠠᠨ ᠲᠦᠮᠡᠨ ᠳᠤ ᠳᠠᠭᠠᠳᠬᠠᠯ ᠳᠤ ᠣᠷᠤᠯᠴᠠᠬᠤ ᠳᠠᠩᠰᠠᠯᠠᠯᠲᠠ᠂ ᠣᠨᠳᠣᠣ ᠭᠠᠵᠠᠷ ᠲᠤ ᠡᠮᠴᠢᠯᠡᠭᠦᠯᠬᠦ ᠪᠠᠷ ᠳᠠᠩᠰᠠᠯᠠᠭᠤᠯᠬᠤ ᠵᠡᠷᠭᠡ ᠡᠮᠴᠢᠯᠡᠭᠡᠨ ᠤ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠨᠡᠶᠢᠲᠡ 107 ᠲᠦᠮᠡᠨ ᠬᠤᠪᠢ ᠭᠦᠢᠴᠡᠳᠬᠡᠨ ᠥᠭᠴᠦ᠂ ᠣᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ ᠶᠠᠪᠤᠳᠠᠯ ᠭᠦᠢᠴᠡᠳᠬᠡᠬᠦ ᠶᠢᠨ ᠳᠥᠭᠦᠮ ᠳᠥᠲᠡ ᠴᠢᠨᠠᠷ ᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠪᠥᠬᠦ ᠣᠷᠣᠨ ᠤ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠠᠵᠢᠯᠯᠠᠬᠤ ᠠᠷᠭ᠎ᠠ ᠪᠠᠨ ᠤᠯᠠᠮ ᠨᠢᠭᠡ ᠠᠯᠬᠤᠮ ᠰᠢᠨᠡᠴᠢᠯᠡᠵᠦ᠂ ᠥᠷᠲᠡᠭᠡ ︵ᠴᠡᠭ︶᠎ ᠶᠢᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠬᠦ᠂ ᠥᠷᠲᠡᠭᠡ ︵ᠴᠡᠭ︶᠎ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠣᠯᠠᠨ ᠲᠦᠮᠡᠨ ᠤ ᠣᠶᠢᠯᠠᠭᠠᠵᠤ ᠮᠡᠳᠡᠬᠦ ᠬᠡᠮᠵᠢᠶ᠎ᠡ ᠶᠢ ᠥᠷᠭᠡᠳᠬᠡᠬᠦ ᠳᠡᠭᠡᠷ᠎ᠡ ᠬᠦᠴᠦᠯᠡᠵᠦ᠂ ︽ᠨᠢᠭᠡ ᠥᠷᠲᠡᠭᠡ ᠴᠡᠭ ᠪᠠᠶᠢᠭᠤᠯᠪᠠᠯ ᠨᠢᠭᠡ ᠪᠦᠯᠦᠭ ᠮᠡᠷᠭᠡᠵᠢᠯᠲᠡᠨ ᠢ ᠬᠥᠮᠥᠵᠢᠭᠦᠯᠵᠦ᠂ ᠨᠢᠭᠡ ᠪᠦᠯᠦᠭ ᠣᠯᠠᠨ ᠲᠦᠮᠡᠨ ᠳᠤ ᠦᠢᠯᠡᠴᠢᠯᠡᠬᠦ︾᠎ ᠪᠠᠷ ᠬᠠᠷᠠᠯᠲᠠ ᠪᠣᠯᠭᠠᠨ᠂ ᠥᠷᠲᠡᠭᠡ ︵ᠴᠡᠭ︶᠎ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠨ ᠬᠦ ᠰᠠᠶᠢᠲᠤᠷ ᠪᠠᠳᠠᠷᠠᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号