ᠸᠠᠨ ᠴᠤᠤ ᠴᠢ ᠤᠯᠠᠭᠠᠨᠬᠠᠳᠠ ᠶᠢᠨ ᠴᠡᠷᠢᠭ ᠤᠨ ᠬᠤᠪᠢᠶᠠᠷᠢ ᠲᠣᠭᠤᠷᠢᠭ ᠲᠤ ᠬᠦᠷᠴᠦ ᠲᠤᠬᠠᠢ ᠶᠢᠨ ᠲᠠᠯᠠᠪᠠᠢ ᠳᠤ ᠠᠯᠪᠠᠯᠠᠬᠤ ᠶᠢᠨ ᠬᠠᠮᠲᠤ ᠬᠤᠪᠢᠶᠠᠷᠢ ᠲᠣᠭᠤᠷᠢᠭ ᠤᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2023/8/23
                ᠲᠦᠷᠦᠭᠦᠬᠡᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ᠂ ᠤᠯᠠᠭᠠᠨᠬᠠᠳᠠ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ ᠸᠠᠨ ᠴᠤᠤ ᠴᠢ ᠴᠡᠷᠢᠭ ᠤᠨ ᠬᠤᠪᠢᠶᠠᠷᠢ ᠲᠣᠭᠤᠷᠢᠭ ᠲᠤ ᠬᠦᠷᠴᠦ ᠲᠤᠬᠠᠢ ᠶᠢᠨ ᠲᠠᠯᠠᠪᠠᠢ ᠳᠤ ᠠᠯᠪᠠᠯᠠᠵᠤ᠂ ᠬᠤᠪᠢᠶᠠᠷᠢ ᠲᠣᠭᠤᠷᠢᠭ ᠤᠨ ᠠᠵᠢᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠣᠶᠢᠯᠠᠭᠠᠭᠰᠠᠨ ᠪᠥᠭᠡᠳ ᠬᠤᠪᠢᠶᠠᠷᠢ ᠲᠣᠭᠤᠷᠢᠭ ᠪᠠ ᠤᠯᠠᠭᠠᠨᠬᠠᠳᠠ ᠳᠤ ᠰᠠᠭᠤᠭ᠎ᠠ ᠴᠡᠷᠢᠭ ᠠᠩᠭᠢ ᠶᠢᠨ ᠥᠷᠭᠡᠨ ᠣᠯᠠᠨ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠲᠣᠬᠤᠨᠢᠭᠤᠯᠤᠯ ᠬᠦᠷᠭᠡᠪᠡ᠃ ᠬᠤᠪᠢᠶᠠᠷᠢ ᠲᠣᠭᠤᠷᠢᠭ ᠤᠨ ᠪᠠᠶᠢᠭᠤᠯᠤᠯᠭ᠎ᠠ ᠳᠤ᠂ ᠸᠠᠨ ᠴᠤᠤ ᠴᠢ ᠳᠠᠷᠤᠭ᠎ᠠ ᠪᠠᠶᠢᠯᠳᠤᠭᠴᠢᠳ ᠤᠨ ᠠᠵᠢᠯ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠬᠤᠪᠢᠶᠠᠷᠢ ᠲᠣᠭᠤᠷᠢᠭ ᠵᠢᠴᠢ ᠵᠡᠪᠰᠡᠭᠲᠦ ᠴᠠᠭᠳᠠᠭ᠎ᠠ ᠶᠢᠨ ᠤᠯᠠᠭᠠᠨᠬᠠᠳᠠ ᠶᠢᠨ ᠰᠠᠯᠪᠤᠷᠢ ᠠᠩᠭᠢ ᠶᠢᠨ ᠤᠳᠤᠷᠢᠳᠤᠯᠭ᠎ᠠ᠂ ᠬᠤᠪᠢᠶᠠᠷᠢ ᠲᠣᠭᠤᠷᠢᠭ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠠᠢ ᠶᠠᠷᠢᠯᠴᠠᠬᠤ ᠬᠤᠷᠠᠯ ᠬᠢᠵᠦ᠂ ᠪᠦᠬᠦ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠪᠠ ᠬᠤᠲᠠ ᠶᠢᠨ ᠨᠠᠮ ᠤᠨ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠢᠶᠠᠷ ᠲᠣᠭᠲᠠᠭᠠᠭᠰᠠᠨ ᠬᠡᠷᠡᠭ ᠶᠠᠪᠤᠳᠠᠯ ᠢ ᠰᠢᠢᠳᠪᠦᠷᠢᠯᠡᠭᠰᠡᠨ ᠠᠬᠢᠴᠠ ᠪᠠ ᠬᠠᠮᠢᠶ᠎ᠠ ᠪᠦᠬᠦᠢ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ ᠬᠢᠨᠠᠮᠠᠭᠠᠢ ᠣᠶᠢᠯᠠᠭᠠᠨ᠂ ᠴᠡᠷᠢᠭ ᠠᠩᠭᠢ ᠶᠢᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠠᠰᠠᠭᠤᠨ ᠯᠠᠪᠯᠠᠵᠤ᠂ ᠬᠤᠲᠠ ᠶᠢᠨ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠰᠢᠭᠤ ᠰᠢᠶᠠᠨ ᠲᠣᠭᠤᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯ ᠤᠨ ᠲᠣᠭᠲᠠᠴᠠ ᠶᠢ ᠲᠡᠭᠦᠯᠳᠡᠷᠵᠢᠭᠦᠯᠬᠦ ᠶᠢ ᠲᠦᠷᠭᠡᠳᠬᠡᠨ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠤᠨ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠦ ᠱᠠᠭᠠᠷᠳᠠᠪᠠ᠃ ᠬᠤᠷᠠᠯ ᠳᠤ ᠣᠷᠣᠯᠴᠠᠭᠰᠠᠳ ᠪᠠᠰᠠ ᠬᠤᠪᠢᠶᠠᠷᠢ ᠲᠣᠭᠤᠷᠢᠭ ᠤᠨ ᠴᠡᠷᠢᠭ ᠤᠨ ᠲᠡᠦᠬᠡ ᠶᠢᠨ ᠤᠷᠳᠤ ᠬᠤᠩᠭᠢᠯ ᠢ ᠲᠣᠭᠤᠷᠢᠨ ᠦᠵᠡᠵᠦ᠂ ᠤᠯᠠᠭᠠᠨᠬᠠᠳᠠ ᠣᠷᠣᠨ ᠤ ᠢᠷᠠᠭᠤ ᠠᠯᠳᠠᠷᠲᠤ ᠬᠤᠪᠢᠰᠬᠠᠯ ᠤᠨ ᠲᠡᠦᠬᠡ ᠶᠢ ᠬᠠᠮᠲᠤᠪᠠᠷ ᠡᠷᠭᠢᠴᠡᠭᠦᠯᠪᠡ᠃ ᠸᠠᠨ ᠴᠤᠤ ᠴᠢ᠂ ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠪᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠤᠯᠠᠭᠠᠨᠬᠠᠳᠠ ᠶᠢᠨ ᠴᠡᠷᠢᠭ ᠤᠨ ᠬᠤᠪᠢᠶᠠᠷᠢ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠰᠠᠯᠪᠤᠷᠢ ᠠᠩᠭᠢ ᠪᠣᠯᠣᠨ ᠤᠯᠠᠭᠠᠨᠬᠠᠳᠠ ᠳᠤ ᠰᠠᠭᠤᠭ᠎ᠠ ᠴᠡᠷᠢᠭ ᠠᠩᠭᠢ ᠶᠢᠨ ᠥᠷᠭᠡᠨ ᠤᠯᠠᠨ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠤᠯᠠᠨ ᠤ ᠤᠷᠳᠤ ᠬᠤᠭᠤᠴᠠᠭᠠᠨ ᠤ ᠲᠤᠷᠰᠢ ᠤᠯᠠᠭᠠᠨᠬᠠᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠶ᠎ᠡ᠃ ᠣᠯᠠᠨ ᠢᠶᠠᠷ ᠢᠶᠠᠨ ᠰᠢ ᠶᠢᠨ ᠫᠢᠩ ᠤᠨ ᠴᠡᠷᠢᠭ ᠢᠶᠠᠨ ᠬᠦᠴᠦᠷᠬᠡᠭᠵᠢᠭᠦᠯᠬᠦ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠪᠦᠬᠦ ᠴᠡᠷᠢᠭ ᠤᠨ ᠨᠠᠮ ᠤᠨ ᠪᠠᠶᠢᠭᠤᠯᠤᠯᠲᠠ ᠶᠢᠨ ᠬᠤᠷᠠᠯ ᠳᠠᠬᠢ ᠴᠢᠬᠤᠯᠠ ᠵᠢᠭᠠᠪᠤᠷᠢ ᠪᠠ ᠥᠪᠥᠷ ᠮᠣᠩᠭᠤᠯ ᠳᠤ ᠬᠢᠯᠢ ᠶᠢᠨ ᠬᠠᠮᠢᠶᠠᠷᠤᠯᠲᠠ ᠡᠵᠡᠮᠳᠡᠯ ᠪᠠ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠴᠡᠷᠢᠭ ᠢᠶᠠᠨ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠢᠯᠠᠯᠲᠠ ᠣᠯᠬᠤ ᠴᠢᠳᠠᠪᠤᠷᠢ ᠪᠠᠨ ᠬᠠᠲᠠᠭᠤᠵᠢᠯᠲᠠᠢ ᠪᠣᠯᠪᠠᠰᠤᠷᠠᠭᠤᠯᠵᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠶᠢ ᠪᠠᠷᠢᠮᠲᠠᠯᠠᠨ᠂ ᠣᠷᠣᠨ ᠨᠤᠲᠤᠭ ᠤᠨ ᠬᠥᠭᠵᠢᠯᠲᠡ ᠳᠤ ᠢᠳᠡᠪᠬᠢᠲᠡᠢ ᠦᠢᠯᠡᠴᠢᠯᠡᠵᠦ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠠᠭᠤᠰᠤᠯᠴᠠᠨ ᠬᠥᠭᠵᠢᠬᠦ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠶᠢ ᠬᠦᠰᠡᠵᠦ ᠪᠠᠶᠢᠨ᠎ᠠ ᠭᠡᠪᠡ᠃ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠤᠨ ᠬᠤᠪᠢᠶᠠᠷᠢ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠰᠠᠯᠪᠤᠷᠢ ᠠᠩᠭᠢ ᠵᠢᠴᠢ ᠤᠯᠠᠭᠠᠨᠬᠠᠳᠠ ᠳᠤ ᠰᠠᠭᠤᠭ᠎ᠠ ᠡᠯ᠎ᠡ ᠴᠡᠷᠢᠭ ᠠᠩᠭᠢ ᠶᠢᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠬᠤᠶᠠᠷ ᠢ ᠬᠦᠷᠢᠶᠡᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢᠨ ᠢᠷᠠᠭᠤ ᠠᠯᠳᠠᠷ ᠢ ᠰᠠᠶᠢᠲᠤᠷ ᠬᠠᠮᠠᠭᠠᠯᠠᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠳᠠᠰᠤᠷᠠᠯᠳᠠ ᠦᠭᠡᠢ ᠪᠠᠬᠢᠵᠢᠭᠦᠯᠦᠨ᠎ᠡ ᠭᠡᠪᠡ᠃ ᠴᠡᠷᠢᠭ ᠤᠨ ᠬᠤᠪᠢᠶᠠᠷᠢ ᠲᠣᠭᠤᠷᠢᠭ ᠤᠨ ᠺᠤᠮᠠᠨᠳᠠᠯᠠᠭᠴᠢ ᠾᠥᠸᠧ ᠵᠧᠨ ᠭᠦᠸᠧ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠴᠡᠷᠢᠭ ᠤᠨ ᠬᠤᠪᠢᠶᠠᠷᠢ ᠲᠣᠭᠤᠷᠢᠭ ᠤᠨ ᠤᠯᠤᠰ ᠲᠦᠷᠦ ᠶᠢᠨ ᠭᠡᠰᠢᠭᠦᠨ ᠸᠠᠩ ᠬᠤᠩ ᠭᠠᠩ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠮᠧᠩ ᠰᠢᠶᠣᠣ ᠪᠢᠩ᠂ ᠬᠤᠳᠠ ᠶᠢᠨ ᠳᠡᠳ᠋ ᠳᠠᠷᠤᠭ᠎ᠠ ᠵᠤᠤ ᡁᠢ ᠭᠠᠩ᠂ ᠴᠡᠷᠢᠭ ᠤᠨ ᠬᠤᠪᠢᠶᠠᠷᠢ ᠲᠣᠭᠤᠷᠢᠭ ᠤᠨ ᠳᠡᠳ᠋ ᠺᠤᠮᠠᠨᠳᠠᠯᠠᠭᠴᠢ ᠵᠠᠩ ᠷᠦᠩ ᠦ᠋᠂ ᠵᠡᠪᠰᠡᠭᠲᠦ ᠴᠠᠭᠳᠠᠭ᠎ᠠ ᠶᠢᠨ ᠤᠯᠠᠭᠠᠨᠬᠠᠳᠠ ᠶᠢᠨ ᠰᠠᠯᠪᠤᠷᠢ ᠠᠩᠭᠢ ᠶᠢᠨ ᠭᠤᠣᠯ ᠬᠠᠷᠢᠭᠤᠴᠠᠯᠭᠠᠲᠠᠨ᠂ ᠬᠤᠳᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠠᠲᠠ ᠶᠢᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠨᠠᠷ ᠲᠣᠬᠤᠨᠢᠭᠤᠯᠬᠤ ᠠᠵᠢᠯᠯᠠᠭᠠᠨ ᠳᠤ ᠣᠷᠣᠯᠴᠠᠪᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号