ᠥᠪᠡᠷᠲᠡᠭᠡᠨ ᠵᠠᠰᠠᠬᠤ ᠣᠷᠣᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠵᠢᠩᠬᠢᠨᠢ ᠪᠠᠶᠢᠯᠳᠤᠭᠠᠨ ᠤ ᠶᠡᠷᠦᠩᠬᠡᠶᠢᠯᠡᠭᠰᠡᠨ ᠰᠣᠷᠢᠯᠲᠠ ᠬᠢᠵᠦ ᠪᠦᠬᠦ ᠣᠷᠣᠨ ᠤ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢᠨ ᠠᠬᠤᠢ ᠲᠠᠯᠠᠪᠠᠢ ᠶᠢᠨ ᠬᠤᠷᠠᠯ ᠬᠤᠷᠠᠯᠳᠤᠭᠤᠯᠪᠠ ᠬᠤᠸᠠᠩ ᡁᠢ ᠴᠢᠶᠠᠩ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2023/8/23
               8 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ︽ᠤᠮᠠᠷᠠᠲᠤ ᠬᠢᠯᠢ ᠶᠢᠨ ᠬᠥᠬᠡ ᠬᠡᠷᠡᠯ · 2023︾ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠵᠢᠩᠬᠢᠨᠢ ᠪᠠᠶᠢᠯᠳᠤᠭᠠᠨ ᠤ ᠶᠡᠷᠦᠩᠬᠡᠶᠢᠯᠡᠭᠰᠡᠨ ᠰᠣᠷᠢᠯᠲᠠ ᠪᠠ ᠪᠥᠬᠦ ᠣᠷᠣᠨ ᠤ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢᠨ ᠠᠬᠤᠢ ᠲᠠᠯᠠᠪᠠᠢ ᠶᠢᠨ ᠬᠤᠷᠠᠯ ᠣᠷᠳᠣᠰ ᠬᠤᠲᠠᠨ᠎ᠠ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃ ᠲᠣᠰ ᠤᠳᠠᠭᠠᠨ ᠤ ᠰᠣᠷᠢᠯᠲᠠ ᠪᠣᠯ ᠥᠪᠡᠷᠲᠡᠭᠡᠨ ᠵᠠᠰᠠᠬᠤ ᠣᠷᠣᠨ ᠤ ᠣᠶᠢᠷ᠎ᠠ ᠶᠢᠨ ᠵᠢᠯ ᠤᠳ ᠶᠢᠨ ᠰᠣᠷᠢᠯᠲᠠ ᠳᠣᠲᠣᠷᠠᠬᠢ ᠬᠡᠪ ᠪᠠᠷᠢᠮᠵᠢᠶ᠎ᠠ ᠬᠠᠮᠤᠭ ᠥᠨᠳᠥᠷ᠂ ᠳᠠᠶᠢᠴᠢᠯᠠᠭᠰᠠᠨ ᠬᠦᠴᠦᠨ ᠬᠠᠮᠤᠭ ᠣᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠬᠠᠮᠤᠭ ᠶᠡᠭᠡ ᠨᠢᠭᠡ ᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠴᠢᠨᠠᠷᠲᠠᠢ ᠰᠣᠷᠢᠯᠲᠠ ᠶᠤᠮ᠃ ᠬᠤᠸᠠᠩ ᡁᠢ ᠴᠢᠶᠠᠩ ᠴᠢᠬᠤᠯᠠᠴᠢᠯᠠᠬᠤ ᠳᠤ ᠪᠠᠨ᠂ ᠪᠦᠬᠦ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠪᠠᠲᠤᠳᠬᠠᠵᠤ᠂ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠵᠠᠩᠭᠢᠯᠠᠭ᠎ᠠ ᠶᠢᠨ ᠦᠶᠡᠰ ᠲᠤ ᠲᠠᠲᠠᠵᠤ ᠳᠡᠶᠢᠯᠬᠦ᠂ ᠤᠷᠤᠭᠰᠢᠯᠠᠵᠤ ᠳᠡᠶᠢᠯᠬᠦ᠂ ᠪᠠᠶᠢᠯᠳᠤᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ ᠬᠤᠸᠠᠩ ᡁᠢ ᠴᠢᠶᠠᠩ ᠠᠬᠤᠢ ᠲᠠᠯᠠᠪᠠᠢ ᠶᠢᠨ ᠬᠤᠷᠠᠯ ᠳᠡᠭᠡᠷ᠎ᠡ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠨᠳᠦᠰᠦᠨ ᠱᠠᠲᠤᠨ ᠤ ᠵᠠᠰᠠᠯᠲᠠ ᠬᠢᠭᠡᠳ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠦᠨᠳᠦᠰᠦᠨ ᠱᠠᠲᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠪᠥᠭᠡᠳ ᠨᠠᠷᠢᠯᠢᠭ ᠠᠳᠬᠤᠨ᠂ ᠦᠨᠳᠦᠰᠦᠨ ᠱᠠᠲᠤᠨ ᠤ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号