ᠷᠠᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠶᠠᠪᠤᠭᠳᠠᠪᠠ ᠾᠧ ᠪᠦᠦ ᠰᠢᠶᠠᠩ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/8/23
                8 ᠰᠠᠷ᠎ᠠ ᠶᠢᠨ 19 ᠤ ᠡᠳᠦᠷ᠂ ︽ᠡᠬᠢ ᠪᠠᠶᠠᠯᠢᠭ ᠢ ᠬᠤᠷᠠᠮᠳᠤᠭᠤᠯᠵᠤ · ᠬᠥᠭᠵᠢᠯᠲᠡ ᠳᠤ ᠬᠦᠴᠦᠨ ᠴᠢᠳᠠᠯ ᠣᠯᠭᠤᠨᠠᠮ︾ ᠢᠶᠠᠷ ᠭᠤᠣᠯ ᠰᠡᠳᠦᠪ ᠪᠤᠯᠭᠠᠬᠰᠠᠨ ᠷᠠᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠬᠢᠩᠭᠠᠨ ᠠᠶᠢᠮᠠᠭ ᠤᠨ ᠷᠠᠰᠢᠶᠠᠨ ᠳᠤ ᠶᠠᠪᠤᠭᠳᠠᠪᠠ᠃ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠪᠠᠶᠢᠩᠭᠤ ᠶᠢᠨ ᠳᠡᠳ᠋ ᠲᠡᠷᠢᠭᠦᠯᠡᠭᠴᠢ ᠾᠧ ᠪᠦᠦ ᠰᠢᠶᠠᠩ ᠬᠤᠷᠠᠯ ᠳᠤ ᠣᠷᠣᠯᠴᠠᠭᠰᠠᠨ ᠪᠥᠭᠡᠳ ᠲᠠᠯᠪᠢᠪᠠ᠃ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠳᠡᠳ᠋ ᠨᠠᠷᠢᠨ ᠪᠢᠴᠢᠭ ᠤᠨ ᠳᠠᠷᠤᠭ᠎ᠠ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠳᠡᠳ᠋ ᠲᠡᠷᠢᠭᠦᠯᠡᠭᠴᠢ ᠪᠥᠭᠡᠳ ᠨᠠᠷᠢᠨ ᠪᠢᠴᠢᠭ ᠤᠨ ᠳᠠᠷᠤᠭ᠎ᠠ ᠯᠢ ᠬᠤᠢ ᠳ᠋ᠦᠩ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠲᠦᠮᠡᠯ ᠹᠷᠤᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠬᠢᠯᠡᠭᠴᠢ ᠭᠡᠰᠢᠭᠦᠨ ᠪᠠᠢ ᠴᠢᠩ ᠶᠤᠸᠠᠨ ᠬᠤᠷᠠᠯ ᠢ ᠡᠷᠬᠢᠯᠡᠪᠡ᠃ ᠾᠧ ᠪᠦᠦ ᠰᠢᠶᠠᠩ ᠶᠠᠷᠢᠶᠠᠨ ᠳᠠᠭᠠᠨ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢᠨ ᠲᠣᠭᠤᠷᠢᠨ ᠳᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠬᠦᠷᠢᠶᠡᠨ ᠳᠠᠬᠢ ᠳᠠᠪᠠᠭᠤᠯᠢᠭ ᠢᠶᠠᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠢ ᠨᠢᠭᠡ ᠴᠢᠭᠯᠡᠯ ᠢᠶᠠᠷ ᠬᠦᠴᠦᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠡᠬᠢ ᠪᠠᠶᠠᠯᠢᠭ ᠢ ᠬᠤᠷᠠᠮᠳᠤᠭᠤᠯᠵᠤ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠᠨ ᠲᠦᠷᠭᠡᠳᠬᠡᠬᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠪᠠ᠃ ᠭᠤᠮᠢᠨᠳᠠᠩ ᠬᠤᠪᠢᠰᠬᠠᠯᠲᠤ ᠬᠤᠷᠢᠶ᠎ᠠ ᠶᠢᠨ ᠨᠠᠮ ᠤᠨ ᠭᠡᠰᠢᠭᠦᠨ ᠠᠵᠤ ᠠᠬᠤᠶᠢᠯᠠᠯᠲᠠᠨ ᠪᠣᠯᠣᠨ ᠡᠯ᠎ᠡ ᠡᠲᠡᠭᠡᠳ ᠤᠨ ᠠᠵᠤ ᠠᠬᠤᠶᠢᠯᠠᠯᠲᠠᠨ ᠨᠠᠶᠢᠵᠠ ᠨᠠᠷ ᠤᠨ ᠡᠨᠡ ᠤᠳᠠᠭ᠎ᠠ ᠶᠢᠨ ᠶᠡᠭᠡ ᠬᠤᠷᠠᠯ ᠢᠶᠠᠷ ᠠᠵᠠ ᠲᠣᠭᠢᠶᠠᠯ ᠪᠤᠯᠭᠠᠵᠤ᠂ ᠥᠪᠥᠷ ᠮᠣᠩᠭᠤᠯ ᠤᠨ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤᠮᠳᠠ ᠢᠳᠡᠪᠬᠢᠲᠡᠢ ᠦᠢᠯᠡᠳᠦᠯ ᠦᠵᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠢ ᠪᠠᠲᠤᠯᠠᠬᠤ ᠳᠤᠮᠳᠠ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠬᠦᠦᠳᠠᠭᠤᠯᠠ ᠪᠠᠶᠠᠷ ᠤᠨ ᠦᠭᠡ ᠳᠡᠭᠡᠨ᠂ ᠥᠪᠥᠷ ᠮᠣᠩᠭᠤᠯ ᠤᠨ ᠬᠦᠭᠵᠢᠯᠲᠡ ᠶᠢᠨ ᠳᠠᠯᠳᠠ ᠬᠦᠴᠦᠨ ᠯᠤᠲᠤ ᠶᠡᠭᠡ᠂ ᠬᠠᠮᠲᠤᠷᠠᠯᠴᠠᠭᠠᠨ ᠤ ᠠᠵᠠ ᠲᠣᠭᠢᠶᠠᠯ ᠡᠯᠪᠡᠭ ᠪᠠᠶᠢᠨ᠎ᠠ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠡᠯ᠎ᠡ ᠠᠺᠠᠳᠧᠮᠢᠴᠢ ᠲᠤᠰᠬᠠᠢ ᠮᠡᠷᠭᠡᠵᠢᠯᠲᠡᠳ ᠤᠨ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠬᠠᠪᠰᠤᠷᠤᠯᠭ᠎ᠠ ᠳᠡᠮᠵᠢᠯᠭᠡ ᠦᠵᠡᠭᠦᠯᠭᠦ ᠶᠢ ᠬᠦᠰᠡᠵᠦ᠂ ᠡᠯ᠎ᠡ ᠠᠵᠤ ᠠᠬᠤᠶᠢᠯᠠᠯᠲᠠᠨ ᠨᠠᠶᠢᠵᠠ ᠨᠠᠷ ᠤᠨ ᠥᠪᠥᠷ ᠮᠣᠩᠭᠤᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠥᠷ ᠮᠣᠩᠭᠤᠯ ᠳᠤ ᠬᠦᠷᠦᠯᠴᠡᠨ ᠢᠷᠡᠵᠦ᠂ ᠥᠪᠥᠷ ᠮᠣᠩᠭᠤᠯ ᠳᠤ ᠪᠡᠯᠡ ᠣᠷᠣᠭᠤᠯᠬᠤ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ ᠭᠡᠵᠦ ᠬᠡᠯᠡᠪᠡ᠃ ᠠᠵᠢᠯᠯᠠᠭ᠎ᠠ ᠶᠢᠨ ᠬᠤᠭᠤᠴᠠᠭᠠᠨ ᠳᠤ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠦ᠋ ᠺᠦᠩ ᠮᠢᠩ᠂ ᠶᠢᠨ ᠢᠦᠢ ᠯᠦᠩ ᠵᠡᠷᠭᠡ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠬᠦᠷᠢᠶᠡᠨ ᠳᠠᠬᠢ ᠲᠤᠰᠬᠠᠢ ᠮᠡᠷᠭᠡᠵᠢᠯᠲᠡᠨ ᠡᠷᠳᠡᠮᠲᠡᠨ᠂ ᠠᠵᠤ ᠠᠬᠤᠶᠢᠯᠠᠯᠲᠠᠨ ᠤ ᠲᠥᠯᠥᠭᠡᠯᠡᠭᠴᠢ ᠲᠣᠰ ᠲᠣᠰ ᠣᠲᠣ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠪᠠᠷ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ᠂ ᠴᠢᠳᠠᠮᠵᠢᠲᠤ ᠲᠠᠷᠢᠶᠠᠯᠠᠩ ᠬᠢᠭᠡᠳ ᠳᠠᠷᠢᠵᠤ ᠲᠡᠵᠢᠭᠡᠬᠦ ᠶᠢ ᠨᠢᠭᠡ ᠴᠣᠭᠴᠠᠵᠢᠭᠤᠯᠬᠤ ᠵᠡᠷᠭᠡ ᠭᠤᠣᠯ ᠰᠡᠳᠦᠪ ᠤᠨ ᠲᠣᠭᠤᠷᠢᠨ ᠳᠤ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠨᠠᠷᠢᠯᠢᠭ ᠭᠦᠨᠵᠡᠭᠡᠢ ᠡᠳ᠋ᠰᠢᠭᠦᠯᠬᠦ︾᠂ ︽ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠲᠡᠮᠳᠡᠭ ᠤᠨ ᠴᠢᠨᠠᠷ ᠰᠠᠶᠢᠲᠠᠢ ᠬᠥᠭᠵᠢᠯᠲᠡ︾᠂ ︽ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ︾ ᠭᠡᠬᠦ ᠭᠤᠣᠯ ᠰᠡᠳᠦᠪ ᠤᠨ ᠲᠣᠭᠤᠷᠢᠨ ᠳᠤ ᠵᠡᠷᠭᠡ ᠪᠠᠷ ᠶᠠᠪᠤᠭᠳᠠᠬᠤ ᠭᠤᠷᠪᠠᠨ ᠲᠠᠯᠠᠪᠠᠶ ᠰᠤᠳᠤᠯᠤᠨ ᠶᠠᠷᠢᠯᠴᠠᠬᠤ ᠬᠤᠷᠠᠯ ᠬᠢᠭᠰᠡᠨ ᠪᠥᠭᠡᠳ ᠥᠪᠥᠷ ᠮᠣᠩᠭᠤᠯ ᠤᠨ ᠪᠣᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠲᠡᠮᠳᠡᠭ ᠤᠨ ᠪᠦᠲᠦᠭᠡᠭᠳᠡᠬᠦᠨ ᠤ ᠦᠵᠡᠭᠦᠯᠭᠡ ᠡᠷᠭᠢᠯᠡᠵᠤ᠂ ᠲᠤᠬᠠᠢ ᠶᠢᠨ ᠲᠠᠯᠠᠪᠠᠶ ᠳᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ 27 ᠲᠥᠷᠥᠯ ᠵᠦᠢᠯ ᠳᠤ ᠭᠠᠷ ᠤᠨ ᠥᠰᠥᠭ ᠵᠢᠷᠤᠵᠤ᠂ ᠶᠡᠷᠦᠩᠬᠡᠢ ᠪᠡᠯᠡ ᠣᠷᠣᠭᠤᠯᠤᠯᠲᠠ ᠶᠢᠨ ᠬᠡᠮᠵᠢᠶ᠎ᠡ ᠨᠢ 129.7 ᠳ᠋ᠦᠩᠰᠢᠭᠤᠷ ᠲᠥᠭᠦᠷᠢᠭ ᠲᠤ ᠬᠦᠷᠴᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号