38 ᠰᠠᠯᠠᠭ᠎ᠠ ᠮᠥᠴᠢᠷ ᠤᠨ 1577 ᠠᠵᠢᠯ ᠶᠠᠪᠤᠳᠠᠯ ᠪᠦᠬᠦᠨ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠵᠤ ᠳ᠋ᠠᠶᠢᠲ᠋ᠠ ᠶᠢ ᠢᠯᠡᠭᠦᠦ ᠭᠦᠶᠦᠯᠭᠡᠵᠦ ᠣᠯᠠᠨ ᠲᠦᠮᠡᠨ ᠢ ᠳᠤᠲᠠᠭᠤ ᠭᠦᠶᠦᠯᠭᠡᠬᠦ ᠶᠢ ᠦᠨᠡᠨ ᠬᠦ ᠪᠡᠶᠡᠯᠡᠭᠦᠯᠪᠡ
ᠨᠡᠶᠢᠲᠡᠯᠡᠭᠰᠡᠨ ᠴᠠᠭ᠄
2023/8/23
               ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 38 ᠰᠠᠯᠠᠭ᠎ᠠ ᠮᠥᠴᠢᠷ ᠤᠨ 1577 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠥᠬᠦᠨ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠭᠤᠯᠵᠤ᠂ ᠳ᠋ᠠᠶᠢᠲ᠋ᠠ ᠶᠢ ᠢᠯᠡᠭᠦᠦ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ ᠶᠢ ᠪᠡᠶᠡᠯᠡᠭᠦᠯᠪᠡ᠃ ᠵᠢᠯ ᠡᠬᠢᠯᠡᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠠᠵᠤ ᠠᠬᠤᠶᠢᠯᠠᠯ ᠪᠠ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠭᠰᠡᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ︽ᠠᠷᠠᠳ ᠤᠨ ᠰᠠᠨᠠᠭ᠎ᠠ ᠶᠢ ᠣᠶᠢᠯᠠᠭᠠᠵᠤ ᠠᠷᠠᠳ ᠤᠨ ᠵᠣᠪᠠᠨᠢᠯ ᠢ ᠠᠷᠢᠯᠭᠠᠵᠤ ᠠᠷᠠᠳ ᠤᠨ ᠠᠮᠢᠳᠤᠷᠠᠯ ᠢ ᠲᠤᠰᠠᠯᠠᠵᠤ ᠠᠷᠠᠳ ᠤᠨ ᠰᠡᠳᠬᠢᠯ ᠢ ᠳᠤᠯᠠᠭᠠᠴᠠᠭᠤᠯᠬᠤ︾ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠦᠷᠭᠡᠨ ᠢᠯᠡᠭᠡᠯᠲᠡ ᠶᠢᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ᠂ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠲᠦᠷ ᠡᠵᠡᠯᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠵᠡᠷᠭᠡ 300 ᠰᠢᠬᠠᠮ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠣᠷᠣᠵᠤ ᠰᠠᠭᠤᠬᠤ ᠶᠢ ᠤᠷᠢᠳ ᠬᠤᠵᠢᠳ ᠠᠬᠢᠭᠤᠯᠪᠠ᠃ ᠡᠭᠦᠨ ᠤ ᠬᠠᠮᠲᠤ᠂ ᠲᠣᠰ ᠲᠣᠪᠴᠢᠶ᠎ᠠ ᠠᠴᠠ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠵᠤ ᠠᠬᠤᠶᠢᠯᠠᠯ ᠪᠠ ᠣᠯᠠᠨ ᠲᠦᠮᠡᠨ ᠤ ᠠᠮᠢᠳᠤᠷᠠᠯ ᠳᠤ ᠣᠶᠢᠷᠠᠲᠤᠭᠰᠠᠨ ᠥᠨᠳᠥᠷ ᠳᠠᠪᠲᠠᠮᠵᠢᠲᠤ ᠵᠦᠢᠯᠡᠰ ᠢ ᠭᠠᠷᠠᠭ ᠤᠨ ᠰᠡᠭᠦᠯᠴᠢ ᠶᠢᠨ ᠴᠠᠭ ᠢ ᠤᠷᠲᠤᠳᠬᠠᠭᠰᠠᠨ ᠦᠢᠯᠡᠴᠢᠯᠡᠭᠡᠨ ᠤ ᠬᠡᠪᠴᠢᠶᠡᠨ ᠳᠤ ᠪᠥᠬᠦ ᠲᠠᠯ᠎ᠠ ᠪᠠᠷ ᠣᠷᠣᠭᠤᠯᠬᠤ ᠶᠢ ᠦᠷᠭᠦᠯᠵᠢᠯᠡᠨ ᠰᠢᠮᠳᠠᠭᠤᠯᠵᠤ᠂ ᠣᠲᠣ ᠪᠣᠯᠲᠠᠯ᠎ᠠ ᠪᠥᠬᠦ ᠣᠷᠣᠨ ᠳᠤ 11 ᠲᠦᠮᠡ ᠭᠠᠷᠤᠢ ᠵᠦᠢᠯ ᠤᠨ ᠴᠠᠭ ᠢ ᠤᠷᠲᠤᠳᠬᠠᠭᠰᠠᠨ ᠦᠢᠯᠡᠴᠢᠯᠡᠭᠡ ᠶᠢ ᠨᠡᠶᠢᠲᠡᠯᠡᠵᠦ᠂ ᠨᠡᠶᠢᠲᠡ 28 ᠲᠦᠮᠡᠨ ᠬᠥᠮᠥᠨ ᠤᠳᠠᠭ᠎ᠠ ᠳᠤ ᠴᠠᠭ ᠢ ᠤᠷᠲᠤᠳᠬᠠᠭᠰᠠᠨ ᠦᠢᠯᠡᠴᠢᠯᠡᠭᠡ ᠬᠠᠩᠭᠠᠪᠠ᠃ ᠡᠭᠦᠨ ᠠᠴᠠ ᠭᠠᠳᠠᠨ᠎ᠠ᠂ ᠦᠢᠯᠡᠴᠢᠯᠡᠭᠡᠨ ᠤ ᠴᠢᠳᠠᠪᠤᠷᠢ ᠶᠢ ᠤᠯᠠᠮ ᠳᠡᠭᠡᠭᠰᠢᠯᠡᠭᠦᠯᠬᠦ ᠶᠢᠨ ᠲᠥᠯᠥᠭᠡ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠳᠤ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠰᠢᠨ᠎ᠡ ᠪᠠᠷ ᠨᠡᠮᠡᠵᠦ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠪᠥᠬᠦ ᠣᠷᠣᠨ ᠤ 12345 ᠬᠠᠯᠠᠮᠰᠢᠯ ᠤᠲᠠᠰᠤᠨ ᠤ ᠲᠠᠪᠴᠠᠩ ᠨᠢ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠡᠶᠢᠲᠡ 300 ᠭᠠᠷᠤᠢ ᠲᠦᠮᠡᠨ ᠬᠤᠪᠢ ᠭᠥᠯᠢᠶᠡᠨ ᠠᠪᠴᠤ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 85% ᠠᠴᠠ ᠳᠡᠭᠡᠭᠰᠢ ᠳᠤ ᠬᠦᠷᠴᠦ᠂ ᠬᠠᠷᠢᠭᠤᠯᠠᠭᠰᠠᠨ ᠨᠣᠷᠮ᠎ᠠ 95% ᠠᠴᠠ ᠳᠡᠭᠡᠭᠰᠢ ᠳᠤ ᠬᠦᠷᠴᠦ᠂ ᠰᠢᠢᠳᠪᠦᠷᠢᠯᠡᠭᠰᠡᠨ ᠨᠣᠷᠮ᠎ᠠ ᠪᠠ ᠬᠠᠨᠤᠮᠵᠢᠲᠠᠶ ᠨᠣᠷᠮ᠎ᠠ 90% ᠠᠴᠠ ᠳᠡᠭᠡᠭᠰᠢ ᠳᠤ ᠬᠦᠷᠴᠡᠢ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号