| | ᠡᠨᠡ ᠵᠢᠯ ᠪᠣᠯ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠰᠠᠨᠠᠭᠠᠴᠢᠯᠠᠭ᠎ᠠ ᠶᠢ ᠳᠤᠷᠠᠳᠤᠭᠰᠠᠨ 10 ᠵᠢᠯ ᠤᠨ ᠤᠢ ᠪᠣᠯᠣᠨ᠎ᠠ᠃ ᠬᠥᠬᠡᠬᠤᠲᠠ ᠪᠣᠭᠤᠮᠲᠠ ᠶᠢᠨ ᠪᠦᠷᠢᠳᠬᠡᠯ ᠢ | ᠦᠨᠳᠦᠰᠦᠯᠡᠪᠡᠯ᠂ 2013 ᠣᠨ ᠠᠴᠠ 2023 ᠣᠨ ᠤ 6 ᠳ᠋ᠤᠭᠠᠷ ᠰᠠᠷ᠎ᠠ ᠪᠣᠯᠲᠠᠯ᠎ᠠ᠂ ᠥᠪᠥᠷ ᠮᠣᠩᠭᠤᠯ ᠤᠨ ︽ | ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠯᠤᠭ᠎ᠠ ᠶᠢᠨ ᠭᠠᠳᠠᠭᠠᠳᠤ ᠠᠷᠠᠯᠵᠢᠶᠠᠨ ᠤ ᠣᠷᠣᠭᠤᠯᠤᠯᠲᠠ | ᠭᠠᠷᠭᠠᠯᠲᠠ ᠶᠢᠨ ᠦᠷᠳᠡᠭ 6902.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠥᠪᠥᠷ | ᠮᠣᠩᠭᠤᠯ ᠤᠨ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠳᠡᠭ ᠤᠨ 62.9% ᠶᠢ | ᠡᠵᠡᠯᠡᠪᠡ᠃ ᠡᠭᠦᠨ ᠤ ᠳᠣᠲᠣᠷ᠎ᠠ ᠭᠠᠳᠠᠭᠠᠳᠤ ᠭᠠᠷᠭᠠᠯᠲᠠ ᠨᠢ 2341.8 ᠳ᠋ᠦᠩᠰᠢᠭᠤᠷ ᠲᠥᠭᠦᠷᠢᠭ ᠲᠤ ᠬᠦᠷᠴᠦ᠂ | ᠭᠠᠳᠠᠭᠠᠳᠤ ᠣᠷᠤᠭᠤᠯᠤᠯᠲᠠ ᠨᠢ 4560.3 ᠳ᠋ᠦᠩᠰᠢᠭᠤᠷ ᠲᠥᠭᠦᠷᠢᠭ ᠲᠤ ᠬᠦᠷᠴᠡᠢ᠃ 10 ᠵᠢᠯ ᠤᠨ | ᠬᠤᠭᠤᠴᠠᠭᠠᠨ ᠳᠤ᠂ ᠥᠪᠥᠷ ᠮᠣᠩᠭᠤᠯ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠰᠠᠨᠠᠭᠠᠴᠢᠯᠠᠭ᠎ᠠ ᠳᠤ ᠢᠳᠡᠪᠬᠢᠲᠡᠢ ᠣᠷᠣᠯᠴᠠᠵᠤ᠂ ᠠᠵᠤ ᠠᠬᠤᠢ ᠠᠷᠠᠯᠵᠢᠶᠠᠨ ᠤ ᠰᠣᠯᠢᠯᠴᠠᠭ᠎ᠠ ᠬᠠᠮᠲᠤᠷᠠᠯᠴᠠᠭ᠎ᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ︽ᠨᠠᠶᠢᠵᠠ ᠶᠢᠨ ᠬᠦᠷᠢᠶ᠎ᠡ︾ ᠲᠠᠰᠤᠷᠠᠯᠳᠡ ᠦᠭᠡᠢ ᠥᠷᠭᠡᠳᠴᠦ᠂ ᠵᠠᠮ | ᠳᠠᠭᠠᠤ ᠶᠢᠨ 64 ᠤᠯᠤᠰ ᠯᠤᠭ᠎ᠠ ᠠᠷᠠᠯᠵᠢᠶᠠᠨ ᠤ ᠶᠠᠪᠤᠯᠴᠠᠭ᠎ᠠ ᠲᠠᠢ ᠪᠣᠯᠵᠠᠢ᠃ ᠡᠭᠦᠨ ᠳᠤ ᠮᠣᠩᠭᠤᠯ | ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 3162.8 ᠳ᠋ᠦᠩᠰᠢᠭᠤᠷ ᠲᠥᠭᠦᠷᠢᠭ ᠲᠤ ᠬᠦᠷᠴᠦ᠂ | 15% ᠪᠠᠷ ᠨᠡᠮᠡᠭᠳᠡᠪᠡ︔ ᠣᠷᠣᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 1995.8 ᠳ᠋ᠦᠩᠰᠢᠭᠤᠷ | ᠲᠥᠭᠦᠷᠢᠭ ᠲᠤ ᠬᠦᠷᠴᠦ᠂ 5.1% ᠪᠠᠷ ᠨᠡᠮᠡᠭᠳᠡᠨ᠂ ᠥᠪᠥᠷ ᠮᠣᠩᠭᠤᠯ ᠤᠨ ︽ᠨᠢᠭᠡ ᠪᠦᠰᠡ ᠨᠢᠭᠡ ᠵᠠᠮ︾ | ᠳᠠᠭᠠᠤ ᠶᠢᠨ ᠤᠯᠤᠰ ᠤᠳ ᠯᠤᠭ᠎ᠠ ᠶᠢᠨ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠥᠷᠲᠡᠭ ᠤᠨ | 74.7% ᠶᠢ ᠡᠵᠡᠯᠡᠪᠡ᠃ ᠠᠳᠠᠯᠢ ᠬᠤᠭᠤᠴᠠᠭᠠᠨ ᠳᠤ᠂ ᠳᠤᠮᠳᠠᠳᠤ ᠠᠽᠢᠶ᠎ᠠ ᠶᠢᠨ ᠦᠽᠪᠧᠺᠰᠲ᠋ᠠᠨ᠂ ᠺᠠᠽᠠᠭᠰᠲ᠋ᠠᠨ᠂ | ᠲᠦᠷᠺᠮᠧᠨᠰᠲ᠋ᠠᠨ᠂ ᠳᠤᠮᠳᠠᠳᠤ ᠳᠣᠷᠣᠨᠠᠲᠤ ᠶᠢᠨ ᠰᠠᠦ᠋ᠳ᠋ ᠤᠨ ᠠᠷᠠᠪ᠂ ᠢᠷᠠᠺ᠂ ᠲᠦᠷᠺ ᠵᠢᠴᠢ ᠵᠡᠭᠦᠨ ᠡᠮᠦᠨᠡᠲᠦ | ᠠᠽᠢᠶ᠎ᠠ ᠶᠢᠨ ᠮᠠᠯᠠᠶᠢᠰᠢᠶ᠎ᠠ᠂ ᠢᠨᠳᠤᠨᠧᠰᠢᠶ᠎ᠠ ᠵᠡᠷᠭᠡ ᠤᠯᠤᠰ ᠯᠤᠭ᠎ᠠ ᠶᠢᠨ ᠭᠠᠳᠠᠭᠠᠳᠤ ᠠᠷᠠᠯᠵᠢᠶ᠎ᠠ ᠦᠳᠲᠡᠷ ᠲᠦᠷᠭᠡᠨ | ᠨᠡᠮᠡᠭᠳᠡᠪᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠪᠦᠲᠦᠴᠡ ᠠᠴᠠ ᠦᠵᠡᠪᠡᠯ᠂ | ᠥᠪᠥᠷ ᠮᠣᠩᠭᠤᠯ ᠤᠨ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠲᠤ ᠭᠠᠷᠭᠠᠭᠰᠠᠨ ᠮᠠᠰᠢᠨ | ᠴᠠᠬᠢᠯᠭᠠᠨ ᠤ ᠦᠢᠯᠡᠳᠬᠦᠨ᠂ ᠲᠠᠷᠢᠶᠠᠯᠠᠩ ᠤᠨ ᠪᠦᠲᠦᠭᠡᠭᠳᠡᠬᠦᠨ᠂ ᠪᠣᠯᠣᠳ ᠮᠠᠲ᠋ᠧᠷᠢᠶᠠᠯ ᠲᠣᠰ ᠲᠣᠰ 516 | ᠳ᠋ᠦᠩᠰᠢᠭᠤᠷ᠂ 406 ᠳ᠋ᠦᠩᠰᠢᠭᠤᠷ ᠪᠠ 376.9 ᠳ᠋ᠦᠩᠰᠢᠭᠤᠷ ᠲᠥᠭᠦᠷᠢᠭ ᠲᠤ ᠬᠦᠷᠴᠦ᠂ ᠨᠡᠶᠢᠲᠡ ᠥᠪᠥᠷ | ᠮᠣᠩᠭᠤᠯ ᠤᠨ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠲᠤ ᠭᠠᠷᠭᠠᠭᠰᠠᠨ ᠥᠷᠲᠡᠭ ᠤᠨ 55. | 5% ᠶᠢ ᠡᠵᠡᠯᠡᠪᠡ᠃ ᠡᠭᠦᠨ ᠳᠤ᠂ ᠲᠠᠷᠢᠶᠠᠯᠠᠩ ᠤᠨ ᠪᠦᠲᠦᠭᠡᠭᠳᠡᠬᠦᠨ ᠢ ᠭᠤᠣᠯᠳᠠᠭᠤ ᠳᠤᠮᠳᠠᠳᠤ ᠳᠣᠷᠣᠨᠠᠲᠤ ᠶᠢᠨ | ᠤᠯᠤᠰ ᠤᠳ ᠲᠤ ᠭᠠᠷᠭᠠᠵᠤ᠂ ᠪᠣᠯᠣᠳ ᠮᠠᠲ᠋ᠧᠷᠢᠶᠠᠯ ᠨᠢ ᠴᠢᠨᠠᠷ ᠰᠠᠶᠢᠨ ᠦᠨ᠎ᠡ ᠬᠢᠮᠳᠠ ᠪᠠᠶᠢᠬᠤ | ᠳᠠᠪᠠᠭᠤᠯᠢᠭ ᠢᠶᠠᠷ ᠢᠶᠠᠨ ᠵᠡᠭᠦᠨ ᠡᠮᠦᠨᠡᠲᠦ ᠠᠽᠢᠶ᠎ᠠ ᠳᠤ ᠥᠷᠭᠡᠨ ᠳᠡᠯᠭᠡᠷ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠲᠠᠢ ᠪᠠᠶᠢᠳᠠᠭ᠃ ᠭᠠᠳᠠᠭᠠᠳᠤ ᠠᠴᠠ ᠣᠷᠣᠭᠤᠯᠬᠤ ᠨᠢ ᠡᠬᠢ ᠪᠠᠶᠠᠯᠢᠭ ᠤᠨ ᠬᠡᠯᠪᠡᠷᠢ ᠶᠢᠨ ᠲᠠᠸᠠᠷ ᠢᠶᠠᠷ | ᠭᠤᠣᠯᠯᠠᠵᠤ᠂ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠠᠴᠠ 1529.7 ᠳ᠋ᠦᠩᠰᠢᠭᠤᠷ | ᠲᠥᠭᠦᠷᠢᠭ ᠤᠨ ᠲᠡᠮᠦᠷᠯᠢᠭ ᠤᠨ ᠡᠷᠦᠳᠡᠰᠦ ᠶᠢ ᠣᠷᠣᠭᠤᠯᠵᠤ᠂ 11.9% ᠪᠠᠷ ᠨᠡᠮᠡᠭᠳᠡᠪᠡ︔ 1458.9 | ᠳ᠋ᠦᠩᠰᠢᠭᠤᠷ ᠲᠥᠭᠦᠷᠢᠭ ᠤᠨ ᠨᠡᠭᠦᠷᠡᠰᠦ ᠣᠷᠣᠭᠤᠯᠵᠤ᠂ 27.2% ᠢᠶᠠᠷ ᠨᠡᠮᠡᠭᠳᠡᠪᠡ︔ 101.7 ᠳ᠋ᠦᠩᠰᠢᠭᠤᠷ | ᠲᠥᠭᠦᠷᠢᠭ ᠤᠨ ᠲᠦᠭᠦᠬᠡᠢ ᠴᠢᠯᠠᠭᠤᠨ ᠲᠣᠰᠣ ᠣᠷᠣᠭᠤᠯᠵᠤ᠂ 13.7% ᠪᠠᠷ ᠨᠡᠮᠡᠭᠳᠡᠪᠡ᠃ ᠡᠭᠦᠨ ᠠᠴᠠ ᠭᠠᠳᠠᠨ᠎ᠠ᠂ | 28.6 ᠳ᠋ᠦᠩᠰᠢᠭᠤᠷ ᠲᠥᠭᠦᠷᠢᠭ ᠤᠨ ᠠᠮᠤ ᠪᠤᠳᠠᠭ᠎ᠠ ᠶᠢ ᠭᠠᠳᠠᠭᠠᠳᠤ ᠠᠴᠠ ᠣᠷᠣᠭᠤᠯᠵᠤ᠂ 16% ᠪᠠᠷ ᠨᠡᠮᠡᠭᠳᠡᠪᠡ | ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠥᠪᠥᠷ ᠮᠣᠩᠭᠤᠯ ᠤᠨ ᠭᠠᠳᠠᠭᠠᠳᠤ ᠠᠷᠠᠯᠵᠢᠶ᠎ᠠ ᠳᠤ ᠢᠮᠠᠭᠲᠠ | ᠭᠤᠣᠯ ᠪᠠᠶᠢᠷᠢ ᠶᠢ ᠡᠵᠡᠯᠡᠵᠦ᠂ 10 ᠵᠢᠯ ᠤᠨ ᠬᠤᠭᠤᠴᠠᠭᠠᠨ ᠳᠤ ︽ᠨᠢᠭᠡ ᠪᠦᠰᠡ ᠨᠢᠭᠡ ᠵᠠᠮ︾ ᠳᠠᠭᠠᠤ ᠶᠢᠨ | ᠤᠯᠤᠰ ᠤᠳ ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ 5884.4 ᠳ᠋ᠦᠩᠰᠢᠭᠤᠷ ᠲᠥᠭᠦᠷᠢᠭ ᠲᠤ ᠬᠦᠷᠴᠦ᠂ | 11.3% ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠥᠪᠥᠷ ᠮᠣᠩᠭᠤᠯ ᠤᠨ ︽ᠨᠢᠭᠡ ᠪᠦᠰᠡ ᠨᠢᠭᠡ ᠵᠠᠮ︾ | ᠳᠠᠭᠠᠤ ᠶᠢᠨ ᠤᠯᠤᠰ ᠤᠳ ᠯᠤᠭ᠎ᠠ ᠶᠢᠨ ᠭᠠᠳᠠᠭᠠᠳᠤ ᠠᠷᠠᠯᠵᠢᠶ᠎ᠠ ᠶᠢᠨ ᠣᠷᠣᠭᠤᠯᠤᠯᠲᠠ ᠭᠠᠷᠭᠠᠯᠲᠠ ᠶᠢᠨ ᠥᠷᠲᠡᠭ ᠤᠨ | 85.3% ᠶᠢ ᠡᠵᠡᠯᠡᠪᠡ᠃ | |