| ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ 《 ᠠᠷᠪᠠᠨ ᠳᠥᠷᠪᠡᠳᠦᠭᠡᠷ | ᠲᠠᠪᠤᠨ ᠵᠢᠯ 》 ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ | ᠨᠡᠭᠡᠭᠡᠬᠦ ᠵᠠᠩᠭᠢᠯᠠᠭ᠎ᠠ ᠶᠢᠨ ᠵᠢᠯ ᠮᠥᠨ ᠃ ᠬᠢᠵᠢᠭ ᠤᠨ ᠳᠠᠷᠠᠭᠠᠬᠢ ᠴᠠᠭ ᠦᠶ᠎ᠡ ᠳᠤ ᠬᠥᠭᠵᠢᠯᠲᠡ ᠳᠤ ᠠᠩᠬᠠᠷᠤᠯ | ᠢᠶᠠᠨ ᠲᠥᠪᠯᠡᠷᠡᠭᠦᠯᠦᠭᠰᠡᠨ ᠠᠬᠤᠶ ᠪᠠᠶᠢᠳᠠᠯ ᠳᠣᠤᠷ᠎ᠠ᠂ ᠮᠠᠨ ᠤ ᠬᠤᠰᠢᠭᠤᠨ ᠤ ᠬᠥᠭᠵᠢᠯᠲᠡ ᠳᠤ ᠠᠵᠠ ᠲᠣᠬᠢᠶᠠᠯ | ᠪᠠᠶᠢᠬᠤ ᠮᠥᠷᠲᠡᠭᠡᠨ ᠥᠷᠢᠰᠥᠯᠳᠦᠭᠡᠨ ᠴᠦ ᠪᠠᠶᠢᠨ᠎ᠠ᠂ ᠭᠡᠪᠡᠴᠦ ᠶᠡᠷᠦᠩᠬᠡᠶ ᠳᠡᠭᠡᠨ ᠠᠵᠠ ᠲᠣᠬᠢᠶᠠᠯ ᠨᠢ | ᠥᠷᠢᠰᠥᠯᠳᠦᠭᠡᠨ ᠠᠴᠠ ᠶᠡᠭᠡ᠂ ᠳᠠᠯᠳᠠ ᠬᠦᠴᠦᠨ ᠨᠢ ᠬᠦᠴᠢᠷᠳᠡᠯ ᠠᠴᠠ ᠶᠡᠭᠡ᠂ ᠳᠠᠯᠳᠠ ᠬᠦᠴᠦᠨ ᠢᠶᠠᠨ ᠭᠦᠶᠴᠡᠳ | ᠪᠠᠳᠠᠷᠠᠭᠤᠯᠵᠤ᠂ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠳᠠᠪᠠᠯᠲᠠ ᠲᠠᠢ ᠬᠥᠭᠡᠭᠡᠵᠦ | ᠭᠦᠶᠴᠡᠨ ᠳᠠᠪᠠᠭ᠋ᠤ ᠶᠢ ᠪᠡᠶᠡᠯᠡᠭᠦᠯᠬᠦ ᠴᠢᠬᠤᠯᠠ ᠠᠵᠠ ᠲᠣᠬᠢᠶᠠᠯᠳᠤ ᠬᠤᠭᠤᠴᠠᠭ᠎ᠠ ᠪᠣᠯᠤᠨ᠎ᠠ᠂ ᠡᠶᠢᠮᠦ ᠠᠴᠠ ᠪᠦᠬᠦ ᠵᠢᠯ | ᠤᠨ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠳᠦ | ᠶᠢᠨ ᠨᠥᠯᠥᠭᠡ ᠲᠠᠢ ᠶᠤᠮ ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠮᠵᠢ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠣ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠪᠣᠯᠤᠨ ᠬᠤᠰᠢᠭᠤᠨ | ᠤ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ | ᠪᠦᠷᠢᠨ ᠪᠦᠲᠦᠨ᠂ ᠣᠨᠣᠪᠴᠢᠲᠠᠶ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠬᠥᠭᠵᠢᠭᠦᠯᠬᠦ ᠪᠣᠯ ᠲᠡᠷᠢᠭᠦᠨ ᠴᠢᠬᠤᠯᠠ ᠡᠭᠦᠷᠭᠡ ᠪᠣᠯᠬᠤ ᠶᠢ ᠪᠠᠷᠢᠮᠲᠠᠯᠠᠵᠤ᠂ ᠠᠵᠤ ᠠᠬᠤᠢ ᠶᠢᠨ | ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠬᠤ ᠶᠢ ᠪᠠᠷᠢᠮᠳᠠᠯᠠᠵᠤ᠂ 《 ᠵᠡᠭᠦᠨ ᠬᠡᠰᠡᠭ ᠤᠨ ᠡᠯᠡᠰᠦ ᠶᠢ | ᠵᠠᠰᠠᠬᠤ᠂ ᠪᠠᠷᠠᠭᠤᠨ ᠣᠷᠣᠨ ᠤ ᠬᠥᠷᠥᠰᠥ ᠶᠢ ᠵᠠᠰᠠᠬᠤ᠂ ᠳᠤᠮᠳᠠ ᠬᠡᠰᠡᠭ ᠤᠨ ᠬᠦᠷᠢᠶᠡᠯᠡᠩ ᠢ ᠠᠳᠬᠤᠬᠤ᠂ ᠪᠦᠬᠦ | ᠴᠠᠷᠠᠭᠠᠨ ᠳᠤ ᠵᠢᠭᠤᠯᠴᠢᠯᠠᠯ ᠡᠷᠬᠢᠯᠡᠬᠦ 》 ᠬᠥᠭᠵᠢᠯᠲᠡ ᠶᠢᠨ ᠰᠡᠳᠬᠢᠴᠡ ᠶᠤᠰᠤᠭᠠᠷ᠂ ᠨᠢᠭᠡᠳᠦᠭᠡᠷ ᠠᠵᠤ ᠦᠢᠯᠡᠰ ᠢ | ᠬᠦᠴᠦᠷᠬᠡᠭᠵᠢᠭᠦᠯᠬᠦ᠂ ᠬᠤᠶᠠᠳᠤᠭᠠᠷ ᠠᠵᠤ ᠦᠢᠯᠡᠰ ᠢ ᠪᠤᠵᠠᠭᠠᠶᠢᠷᠠᠭᠤᠯᠬᠤ᠂ ᠭᠤᠷᠪᠠᠳᠤᠭᠠᠷ ᠠᠵᠤ ᠦᠢᠯᠡᠰ ᠢ | ᠬᠥᠭᠵᠢᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠶᠢ ᠡᠷᠡᠰ ᠭᠤᠶᠢᠪᠢᠰᠢ ᠦᠭᠡᠢ ᠪᠠᠷᠢᠮᠳᠠᠯᠠᠵᠤ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ᠂ | ᠰᠢᠨ᠎ᠡ ᠠᠶᠠᠨ ᠵᠠᠮ ᠳᠡᠭᠡᠷᠡᠬᠢ ᠣᠩᠨᠢᠭᠤᠳ ᠬᠤᠰᠢᠭᠤᠨ ᠤ ᠠᠷᠠᠳ ᠢ ᠪᠠᠶᠠᠵᠢᠭᠤᠯᠵᠤ ᠬᠤᠰᠢᠭᠤ ᠪᠠᠨ | ᠬᠦᠴᠦᠷᠬᠡᠭᠵᠢᠭᠦᠯᠬᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ | ᠪᠢᠴᠢᠭᠯᠡᠨ᠎ᠡ᠃ | ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 7 | % ᠣᠷᠴᠢᠮ ᠢᠶᠠᠷ ᠨᠡᠮᠡᠭᠳᠡᠭᠦᠯᠵᠦ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ ᠶᠢ 15 . 2 % ᠣᠷᠴᠢᠮ ᠢᠶᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠶᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 7 % ᠣᠷᠴᠢᠮ ᠳᠤ ᠬᠦᠷᠦᠭᠦᠯᠵᠦ᠂ | ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 7 . 5 % ᠣᠷᠴᠢᠮ ᠢᠶᠠᠷ | ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 6 % ᠣᠷᠴᠢᠮ ᠢᠶᠠᠷ ᠨᠡᠮᠡᠭᠳᠡᠭᠦᠯᠵᠦ | ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ ᠲᠣᠰ ᠲᠣᠰ 7 . 2 % ᠪᠠ 9 % ᠣᠷᠴᠢᠮ ᠢᠶᠠᠷ ᠨᠡᠮᠡᠭᠳᠡᠭᠦᠯᠦᠨ᠎ᠡ ᠃ ᠡᠳᠡᠭᠡᠷ ᠬᠠᠷᠠᠯᠲᠠ ᠨᠢ | ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠤ ᠠᠬᠤᠢ ᠶᠢᠨ ᠪᠦᠬᠦᠯᠢ ᠴᠣᠭᠴᠠ ᠶᠢᠨ | ᠰᠠᠶᠢᠵᠢᠷᠠᠯᠲᠠ ᠶᠢ ᠠᠬᠢᠭᠤᠯᠬᠤ ᠴᠢᠬᠤᠯᠠ ᠱᠠᠭᠠᠷᠳᠠᠯᠭ᠎ᠠ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠮᠠᠨ ᠤ | ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠪᠠ ᠬᠥᠭᠵᠢᠯᠲᠡ ᠶᠢ ᠲᠦᠷᠭᠡᠳᠬᠡᠬᠦ ᠪᠣᠳᠠᠲᠤ ᠬᠡᠷᠡᠭᠴᠡᠭᠡ ᠶᠢ | ᠭᠦᠢᠴᠡᠳ ᠪᠣᠳᠣᠯᠬᠢᠯᠠᠭᠰᠠᠨ ᠶᠤᠮ ᠃ ᠪᠢᠳᠡ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ ᠲᠣᠬᠢᠶᠠᠯ ᠢ | ᠠᠮᠵᠢᠵᠤ᠂ ᠬᠠᠷᠠᠯᠲᠠ ᠪᠠᠨ ᠲᠣᠭᠲᠠᠭᠠᠵᠤ᠂ ᠡᠷᠡᠮᠡᠬᠡᠶᠢᠯᠡᠨ ᠤᠷᠤᠭᠰᠢᠯᠠᠬᠤ ᠶᠢ ᠴᠢᠩᠭᠠᠳᠬᠠᠵᠤ᠂ 《 ᠯᠠᠪᠳᠠᠭᠤᠨ | ᠡᠭᠦᠳᠡ ᠨᠡᠬᠡᠭᠡᠭᠦ 》 ᠪᠠᠷ ᠪᠦᠬᠦ ᠵᠢᠯ ᠤᠨ ᠲᠣᠭᠲᠠᠭᠤᠨ ᠢ ᠳᠠᠶᠢᠴᠢᠯᠠᠬᠤ ᠶᠢ ᠪᠠᠲᠤᠯᠠᠵᠤ᠂ 《 ᠡᠭᠦᠳᠡ | ᠨᠡᠬᠡᠭᠡᠮᠡᠭᠴᠡ ᠠᠮᠵᠢᠯᠲᠠ ᠤᠯᠬᠤ 》 ᠪᠠᠷ ᠪᠦᠬᠦ ᠵᠢᠯ ᠤᠨ ᠠᠮᠵᠢᠯᠲᠠ ᠶᠢ ᠳᠠᠶᠢᠴᠢᠯᠠᠬᠤ ᠬᠡᠷᠡᠭᠲᠡᠢ ᠃ ᠵᠢᠷᠭᠤᠭᠠᠨ | ᠲᠠᠯ᠎ᠠ ᠶᠢᠨ ᠭᠤᠤᠯᠳᠠᠯᠭ᠎ᠠ ᠲᠠᠢ ᠠᠵᠢᠯ ᠢ ᠳᠣᠪᠤᠶᠢᠮ᠎ᠠ ᠰᠠᠶᠢᠲᠤᠷ ᠠᠳᠬᠤᠨ᠎ᠠ ᠃ |