2023 ᠣᠨ ᠤ ᠤᠩᠨᠢᠭᠤᠳ ᠬᠤᠰᠢᠭᠤᠨ ᠤ  ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2024/1/21
          ( ᠨᠢᠭᠡ ) ᠪᠦᠬᠦ ᠬᠦᠴᠦᠨ ᠢᠶᠠᠷ ᠢᠶᠠᠨ ᠬᠥᠭᠵᠢᠯᠲᠡ ᠶᠢ ᠠᠳᠬᠤᠵᠤ᠂ ᠬᠥᠭᠵᠢᠯᠲᠡ ᠪᠠᠷ ᠳᠠᠮᠵᠢᠨ ᠪᠣᠳᠠᠲᠤ ᠬᠦᠴᠦᠨ ᠢᠶᠠᠨ ᠳᠡᠭᠡᠭᠰᠢᠯᠡᠭᠦᠯᠵᠦ᠂ ᠠᠷᠠᠳ ᠲᠦᠮᠡᠨ ᠳᠤ ᠪᠤᠶᠠᠨ ᠦᠢᠯᠡᠳᠴᠦ᠂ ᠠᠷᠠᠳ ᠤᠨ ᠠᠮᠢᠳᠤᠷᠠᠯ  ᠳᠤ ᠠᠰᠢᠭ ᠬᠦᠷᠲᠡᠭᠡᠨ᠎ᠡ  ᠃ ᠠᠵᠤ ᠠᠬᠤᠢ ᠶᠢ ︽ᠲᠦᠷᠡᠯᠵᠡᠭᠦᠯᠬᠦ︾ ᠪᠣᠯ ᠬᠥᠭᠵᠢᠯᠲᠡ ᠶᠢᠨ ᠬᠡᠷᠡᠭᠴᠡᠭᠡ᠂ ᠠᠷᠠᠳ  ᠤᠨ ᠬᠡᠷᠡᠭᠴᠡᠭᠡ᠂ ᠠᠷᠠᠳ ᠤᠨ ᠬᠦᠰᠡᠯ᠂ ᠠᠯᠢᠪᠠ ᠠᠰᠠᠭᠤᠳᠠᠯ ᠢ ᠰᠢᠢᠳᠪᠦᠷᠢᠯᠡᠬᠦ 《 ᠶᠡᠷᠦᠩᠬᠡᠢ ᠲᠦᠯᠬᠢᠭᠦᠷ 》 ᠮᠥᠨ᠂ ᠡᠷᠬᠡᠪᠰᠢ ᠬᠥᠭᠵᠢᠭᠦᠯᠬᠦ ᠪᠣᠯ ᠲᠡᠷᠢᠭᠦᠨ ᠴᠢᠬᠤᠯᠠ ᠡᠭᠦᠷᠭᠡ᠂ ᠶᠡᠬᠡᠪᠡᠷ ᠠᠷᠠᠯᠵᠢᠶᠠᠴᠢᠨ ᠤᠷᠢᠵᠤ᠂ ᠲᠥᠷᠥᠯ ᠵᠦᠢᠯ ᠢ ᠲᠦᠷᠭᠡᠨ ᠡᠬᠢᠯᠡᠭᠦᠯᠵᠦ᠂ ᠪᠡᠯᠡ ᠣᠷᠣᠭᠤᠯᠤᠯᠲᠠ ᠶᠢ ᠥᠷᠭᠡᠳᠬᠡᠨ᠂ ᠠᠵᠤ ᠦᠢᠯᠡᠰ ᠢ ᠬᠦᠴᠦᠷᠬᠡᠭᠵᠢᠭᠦᠯᠦᠨ ᠂ ᠣᠩᠨᠢᠭᠤᠳ ᠬᠤᠰᠢᠭᠤ ᠶᠢ 《 ᠡᠬᠢ ᠪᠠᠶᠠᠯᠢᠭ ᠤᠨ ᠲᠣᠮᠣ ᠬᠤᠰᠢᠭᠤ 》 ᠠᠴᠠ 《 ᠠᠵᠤ ᠠᠬᠤᠢ ᠶᠢᠨ ᠬᠦᠴᠦᠷᠬᠡᠭ ᠬᠤᠰᠢᠭᠤ 》 ᠪᠣᠯᠭᠠᠨ ᠬᠤᠪᠢᠷᠠᠭᠤᠯᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ  ᠃           ᠲᠥᠷᠥᠯ ᠵᠦᠶᠯ ᠢᠶᠠᠷ ᠭᠤᠤᠯ ᠪᠣᠯᠭᠠᠬᠤ᠂ ᠬᠤᠳᠠᠯᠳᠤᠭᠠᠴᠢᠨ ᠤᠷᠢᠬᠤ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠪᠦᠲᠦᠮᠵᠢᠲᠡᠶ ᠪᠠᠯᠠ ᠣᠷᠣᠭᠤᠯᠤᠯᠲᠠ ᠶᠢᠨ ᠶᠡᠭᠡ ᠬᠡᠮᠵᠢᠶ᠎ᠡ ᠪᠠᠷ ᠨᠡᠮᠡᠭᠳᠡᠬᠦ ᠶᠢ ᠲᠦᠷᠭᠡᠳᠬᠡᠨ ᠠᠬᠢᠭᠤᠯᠤᠨ᠎ᠠ  ᠃ ᠨᠠᠩ ᠶᠡᠭᠡ ᠡᠷᠴᠢᠮ ᠢᠶᠠᠷ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢ ᠥᠷᠨᠢᠭᠦᠯᠵᠦ᠂ ᠠᠵᠤ ᠦᠶᠯᠡᠰ ᠤᠨ ᠬᠡᠯᠬᠢᠶ᠎ᠡ ᠶᠢᠨ ᠣᠷᠳᠣ ᠬᠤᠭᠤᠴᠠᠭᠠᠨ ᠤ ᠲᠦᠷᠢᠮ ᠪᠠ ᠠᠷᠠᠯᠵᠢᠶᠠᠴᠢᠨ ᠤᠷᠢᠬᠤ ᠲᠤᠰᠬᠠᠶ ᠠᠩᠭᠢ  ᠶᠢᠨ ᠦᠶᠯᠡᠳᠦᠯ ᠢ ᠪᠠᠳᠠᠷᠠᠭᠤᠯᠵᠤ᠂ ᠪᠡᠭᠡᠵᠢᠩ ᠲᠢᠶᠠᠨᠵᠢᠨ ᠾᠧᠪᠧᠶ ᠱᠠᠨᠳᠦ᠋ᠩ᠂ ᠪᠦᠸᠧᠬᠠᠶ ᠲᠠᠩᠭᠢᠰ ᠢ ᠲᠣᠭᠤᠷᠢᠭᠰᠠᠨ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠴᠧᠩᠳᠦ᠋ ᠴᠦᠩᠴᠢᠩ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠪᠠᠶᠢᠩᠭᠤ ᠶᠢᠨ ᠴᠢᠨᠠᠷᠲᠠᠶ ᠪᠠᠷ ᠭᠠᠳᠠᠭᠰᠢ ᠭᠠᠷᠴᠤ᠂ ᠬᠠᠨᠳᠤᠯᠭᠠᠲᠤ ᠴᠢᠨᠠᠷᠲᠠᠶ ᠪᠠᠷ ᠲᠤᠶᠢᠯ ᠤᠨ ᠣᠨᠣᠪᠴᠢᠲᠠᠶ ᠪᠠᠷ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠠᠵᠤ ᠦᠶᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ 《 ᠣᠭᠤᠷᠴᠤᠭ ᠬᠠᠷᠢᠶ᠎ᠠ ᠭᠠᠵᠠᠷ 》 ᠢᠶᠠᠷ ᠠᠷᠠᠯᠵᠢᠶᠠᠴᠢᠨ ᠤᠷᠢᠬᠤ ᠵᠡᠷᠭᠡ ᠵᠠᠭᠪᠤᠷ ᠢ ᠶᠡᠷᠦᠩᠬᠡᠶᠢᠯᠡᠨ ᠬᠡᠷᠡᠭᠯᠡᠵᠦ᠂ ᠠᠵᠤ ᠦᠶᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠭᠰᠡᠨ᠂ ᠡᠬᠢ ᠪᠠᠶᠠᠯᠢᠭ ᠤᠨ ᠳᠠᠪᠠᠭᠤᠯᠢᠭ ᠲᠤ ᠨᠡᠶᠢᠴᠡᠭᠰᠡᠨ᠂ ᠬᠡᠯᠬᠢᠶ᠎ᠡ ᠶᠢ ᠤᠷᠲᠤᠳᠬᠠᠵᠤ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠭᠰᠠᠨ ᠴᠢᠨᠠᠷ ᠰᠠᠶᠢᠲᠠᠶ ᠨᠢᠭᠡ ᠪᠦᠯᠦᠭ ᠠᠵᠤ ᠠᠬᠤᠶᠢᠯᠠᠯ ᠤᠨ ᠲᠥᠷᠥᠯ ᠵᠦᠶᠯ ᠢ ᠦᠨᠡᠨ ᠬᠦ ᠲᠠᠲᠠᠨ ᠤᠷᠤᠭᠤᠯᠵᠤ᠂ ᠪᠦᠬᠦ ᠵᠢᠯ ᠳᠤ ᠭᠡᠷ᠎ᠡ ᠲᠤᠭᠲᠠᠵᠤ ᠲᠠᠲᠠᠨ ᠤᠷᠤᠭᠤᠯᠬᠤ ᠲᠦᠷᠦᠯ ᠵᠦᠢᠯ ᠢ 30 ᠠᠴᠠ ᠳᠡᠭᠡᠭᠰᠢ ᠪᠠᠶᠢᠯᠭᠠᠨ᠎ᠠ᠃ ᠬᠤᠳᠠᠯᠳᠤᠭᠠᠴᠢᠨ ᠤᠷᠢᠬᠤ ᠲᠥᠷᠥᠯ ᠵᠦᠶᠯ ᠢ ᠨᠠᠶᠢᠳᠠᠪᠤᠷᠢᠵᠢᠭᠤᠯᠬᠤ ᠪᠠᠷ 《 ᠪᠠᠭᠠᠲᠤᠷ ᠢ ᠦᠨᠡᠯᠡᠬᠦ 》 ᠶᠢ ᠪᠠᠷᠢᠮᠲᠠᠯᠠᠵᠤ᠂ ᠭᠡᠷ᠎ᠡ ᠭᠦᠶᠴᠡᠳᠬᠡᠵᠦ ᠠᠵᠢᠯ ᠡᠬᠢᠯᠡᠭᠦᠯᠬᠦ᠂ ᠣᠷᠣᠭᠤᠯᠤᠯᠲᠠ ᠭᠠᠷᠭᠠᠯᠲᠠ ᠶᠢᠨ ᠦᠷ᠎ᠡ ᠠᠰᠢᠭ ᠵᠡᠷᠭᠡ ᠶᠡᠷᠦᠩᠬᠡᠶᠢᠯᠡᠨ ᠦᠨᠡᠯᠡᠵᠦ ᠰᠢᠯᠭᠠᠨ ᠬᠢᠨᠠᠬᠤ ᠲᠣᠭᠲᠠᠴᠠ ᠶᠢ ᠪᠦᠷᠢᠨᠰᠢᠭᠦᠯᠵᠦ᠂ ᠨᠠᠩ ᠣᠯᠠᠨ ᠬᠤᠳᠠᠯᠳᠤᠭᠠᠴᠢᠨ ᠤᠷᠢᠬᠤ ᠲᠥᠷᠥᠯ ᠵᠦᠶᠯ ᠤᠨ ᠲᠤᠰ ᠵᠢᠯ ᠳᠤ ᠭᠡᠷ᠎ᠡ ᠲᠣᠭᠲᠠᠬᠤ᠂ ᠲᠤᠰ ᠵᠢᠯ ᠳᠤ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ  ᠃ 《 ᠲᠥᠷᠥᠯ ᠵᠦᠶᠯ ᠤᠨ ᠬᠠᠮᠢᠶᠠᠷᠤᠭᠴᠢ 》 ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠪᠠᠷ ᠪᠠᠶᠢᠭᠤᠯᠬᠤ ᠭᠤᠤᠯᠳᠠᠯᠭ᠎ᠠ ᠲᠠᠢ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠶᠴᠡᠳᠬᠡᠬᠦ ᠶᠢ ᠬᠦᠴᠦᠲᠡᠶ ᠠᠬᠢᠭᠤᠯᠵᠤ᠂ ᠲᠥᠷᠥᠯ ᠵᠦᠶᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠬᠦ ᠳᠤ ᠡᠷᠳᠡᠯᠡᠬᠦ ᠠᠴᠠ ᠪᠢᠰᠢ ᠣᠷᠣᠶᠢᠲᠠᠬᠤ ᠦᠭᠡᠢ᠂ ᠲᠦᠷᠭᠡᠨ ᠬᠢᠵᠦ ᠳᠡᠶᠢᠯᠪᠡᠯ ᠲᠦᠷᠭᠡᠨ ᠬᠢᠵᠦ᠂ ᠪᠥᠬᠦ ᠵᠢᠯ ᠳᠤ ᠶᠡᠷᠦᠩᠬᠡᠶ ᠪᠠᠯᠠ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠶᠯ ᠢ 56 ᠬᠡᠷᠡᠭᠵᠢᠭᠦᠯᠵᠦ᠂ 67 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ  ᠃ 《 ᠨᠢᠭᠡ ᠲᠥᠪ ᠬᠤᠶᠠᠷ ᠲᠤᠰᠬᠠᠢ ᠠᠩᠭᠢ 》 ᠶᠢᠨ ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ  ᠪᠦᠷᠢᠨᠰᠢᠭᠦᠯᠦᠨ ᠲᠡᠭᠦᠯᠳᠡᠷᠵᠢᠭᠦᠯᠵᠦ᠂ ᠳᠡᠭᠡᠳᠦ ᠱᠠᠲᠤᠨ ᠤ ᠲᠥᠷᠦ ᠶᠢᠨ ᠪᠣᠳᠣᠯᠭ᠎ᠠ ᠶᠢᠨ ᠤᠳᠤᠷᠢᠳᠤᠮᠵᠢ᠂ ᠪᠡᠯᠡ ᠣᠷᠣᠭᠤᠯᠤᠯᠲᠠ ᠶᠢᠨ ᠬᠠᠨᠳᠤᠰᠢ ᠪᠠ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠲᠠᠢ ᠣᠨᠣᠪᠴᠢᠲᠠᠢ ᠵᠣᠯᠭᠠᠭᠤᠯᠵᠤ᠂ ᠲᠥᠷᠦᠯ ᠵᠦᠢᠯ ᠢ ᠲᠥᠰᠦᠪᠯᠡᠨ ᠨᠥᠭᠡᠴᠡᠯᠡᠬᠦ ᠬᠦᠴᠦᠯᠡᠴᠡ ᠪᠠᠨ ᠨᠡᠮᠡᠭᠳᠡᠭᠦᠯᠵᠦ᠂ ᠳᠡᠭᠡᠳᠦ ᠱᠠᠲᠤᠨ  ᠤ ᠲᠥᠷᠦ ᠶᠢᠨ ᠪᠣᠳᠣᠯᠭ᠎ᠠ ᠪᠡᠯᠡ ᠮᠥᠩᠭᠦ ᠶᠢᠨ ᠳᠡᠮᠵᠢᠯᠭᠡ ᠶᠢ ᠪᠦᠬᠦ ᠬᠦᠴᠦᠨ ᠢᠶᠠᠷ ᠣᠯᠵᠤ᠂ ᠪᠦᠬᠦ ᠵᠢᠯ ᠳᠤ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ 16 . 5 ᠳ᠋ᠦᠩᠰᠢᠭᠤᠷ ᠲᠥᠭᠦᠷᠢᠭ ᠮᠡᠳᠡᠭᠦᠯᠦᠨ᠎ᠡ
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号