2023 ᠣᠨ ᠤ ᠤᠩᠨᠢᠭᠤᠳ ᠬᠤᠰᠢᠭᠤᠨ ᠤ  ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2024/1/21
       ( ᠬᠤᠶᠠᠷ ) ᠣᠷᠴᠢᠨ ᠲᠣᠭᠤᠷᠢᠨ ᠤ ᠬᠠᠮᠠᠭᠠᠯᠠᠯᠲᠠ ᠶᠢ ᠭᠤᠶᠢᠪᠢᠰᠢ ᠥᠬᠡᠶ ᠠᠳᠬᠤᠵᠤ᠂ ᠠᠮᠢ ᠠᠬᠤᠶ  ᠪᠠᠷ ᠬᠤᠰᠢᠭᠤ ᠪᠠᠨ ᠪᠠᠶᠢᠭᠤᠯᠬᠤ᠂ ᠠᠮᠢ ᠠᠬᠤᠶ ᠪᠠᠷ ᠠᠷᠠᠳ ᠲᠤ ᠠᠰᠢᠭ ᠬᠦᠷᠲᠡᠭᠡᠬᠦ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠩᠭᠤᠶ ᠪᠠᠷ ᠬᠠᠮᠲᠤ ᠣᠷᠣᠰᠢᠬᠤ ᠶᠢ ᠴᠢᠷᠮᠠᠶᠢᠨ ᠪᠡᠶᠡᠯᠡᠭᠦᠯᠦᠨ᠎ᠡ  ᠃ ᠰᠠᠶᠢᠨ ᠰᠠᠶᠢᠬᠠᠨ ᠠᠮᠢ ᠠᠬᠤᠢ ᠣᠷᠴᠢᠨ ᠲᠣᠭᠤᠷᠢᠨ ᠪᠣᠯ ᠬᠤᠷᠢᠭ᠎ᠠ ᠱᠤᠭᠤᠮ ᠤᠨ ᠱᠠᠭᠠᠷᠳᠠᠯᠭ᠎ᠠ ᠪᠣᠯᠬᠤ ᠪᠥᠭᠡᠳ ᠡᠷᠬᠢᠮ ᠨᠠᠨᠳᠢᠨ ᠡᠳ᠋ ᠪᠠᠶᠠᠯᠢᠭ ᠪᠣᠯᠤᠨ᠎ᠠ᠂ ᠡᠷᠬᠡᠪᠰᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠴᠢᠬᠤᠯᠠ ᠤᠷᠢᠲᠠᠯ ᠪᠣᠯᠭᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ  ᠃        ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠠᠬᠢᠭᠤᠯᠤᠨ᠎ᠠ  ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠨᠡᠭᠦᠷᠡᠰᠦ ᠰᠢᠲᠠᠭᠠᠬᠤ ᠭᠦᠸᠧᠯᠦ  ᠶᠢ ᠥᠭᠡᠷᠡᠴᠢᠯᠡᠨ ᠵᠠᠰᠠᠬᠤ᠂ ᠤᠯᠤᠰ ᠤᠨ ᠰᠢᠯᠭᠠᠨ ᠪᠠᠶᠢᠴᠠᠭᠠᠯᠲᠠ ᠶᠢᠨ ᠣᠭᠲᠣᠯᠤᠭᠠᠰᠤ ᠵᠢᠴᠢ ᠭᠠᠵᠠᠷ ᠳᠡᠭᠡᠷᠡᠬᠢ ᠤᠰᠤ ᠶᠢ ᠴᠡᠭᠴᠡᠯᠡᠨ ᠵᠠᠰᠠᠬᠤ᠂ ᠮᠠᠯ ᠠᠵᠤ ᠠᠬᠤᠢ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠴᠢᠶᠤᠤ ᠲᠸᠤ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠽᠢ ᠴᠧᠩ ᠬᠤᠳᠠ ᠶᠢᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠠᠢ᠂ ᠬᠠᠶᠢᠯᠠᠰᠤ ᠪᠠᠯᠭᠠᠰᠤᠨ ᠤ ᠬᠤᠭ ᠨᠣᠪᠰᠢ ᠶᠢ ᠰᠢᠢᠳᠪᠦᠷᠢᠯᠡᠬᠦ ᠵᠡᠷᠭᠡ ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠬᠤᠯᠠᠭᠠᠶᠢᠯᠠᠨ ᠭᠠᠳᠠᠭᠰᠢᠯᠠᠭᠤᠯᠬᠤ᠂ ᠰᠢᠭᠤᠳ ᠭᠠᠳᠠᠭᠰᠢᠯᠠᠭᠤᠯᠬᠤ᠂ ᠬᠡᠲᠦᠷᠡᠲᠡᠯ᠎ᠡ ᠭᠠᠳᠠᠭᠰᠢᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠯᠤᠤᠲᠤ ᠨᠤᠲᠤᠭ ᠤᠨ ᠡᠬᠡ ᠭᠠᠵᠠᠷ ᠤᠨ ᠲᠩᠷᠢ ᠶᠢ ᠨᠡᠩ ᠴᠡᠯᠮᠡᠭ᠂ ᠠᠭᠤᠯᠠ ᠶᠢ ᠨᠡᠩ ᠨᠣᠭᠤᠭᠠᠨ᠂ ᠤᠰᠤ ᠶᠢ ᠨᠡᠩ ᠲᠤᠩᠭᠠᠯᠠᠭ᠂ ᠣᠷᠴᠢᠨ ᠲᠣᠭᠤᠷᠢᠨ ᠢ ᠨᠡᠩ ᠭᠤᠶᠤᠮᠰᠠᠭ ᠪᠣᠯᠭᠠᠨ᠎ᠠ᠃         ᠠᠮᠢ ᠠᠬᠤᠢ ᠶᠢᠨ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ  ᠃ 《 ᠭᠤᠷᠪᠠᠨ ᠣᠷᠣᠨ ᠭᠤᠷᠪᠠᠨ ᠱᠤᠭᠤᠮ 》 ᠤᠨ 《 ᠭᠤᠷᠪᠠᠨ ᠱᠤᠭᠤᠮ ᠨᠢᠭᠡ ᠬᠠᠭᠤᠳᠠᠰᠤ 》 ᠶᠢᠨ ᠦᠷ᠎ᠡ ᠪᠦᠲᠦᠭᠡᠯ ᠢ ᠪᠣᠳᠠᠲᠠᠶᠢᠵᠢᠭᠤᠯᠤᠨ ᠬᠡᠷᠡᠭᠯᠡᠬᠦ ᠶᠢ ᠲᠦᠷᠭᠡᠳᠬᠡᠨ᠎ᠡ  ᠃ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ  ᠶᠢ ᠨᠢᠭᠡᠳᠦᠯᠲᠡᠶ ᠲᠥᠯᠥᠪᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠪᠠ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠲᠡᠩᠨᠡᠭᠦᠷ ᠤᠨ ᠭᠤᠤᠯ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ᠂ ᠵᠡᠭᠦᠨ ᠬᠡᠰᠡᠭ ᠤᠨ ᠪᠡᠯᠴᠢᠭᠡᠷ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠤᠯᠤᠰ ᠤᠨ ᠲᠠᠰ ᠤᠨ ᠬᠡᠭᠡᠷ᠎ᠡ ᠶᠢᠨ ᠲᠠᠤᠯᠠᠢ ᠶᠢᠨ ᠪᠦᠭᠡᠷ᠎ᠡ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠵᠡᠷᠭᠡ ᠲᠥᠷᠥᠯ ᠵᠦᠶᠯ ᠢ ᠰᠠᠶᠢᠲᠤᠷ ᠬᠡᠷᠡᠭᠵᠢᠭᠦᠯᠵᠦ᠂ ᠪᠥᠬᠦ ᠵᠢᠯ ᠳᠤ 27 ᠲᠦᠮᠡᠨ ᠮᠥ ᠡᠯᠡᠰᠦ ᠶᠢ ᠶᠡᠷᠦᠩᠬᠡᠶᠢᠯᠡᠨ ᠵᠠᠰᠠᠵᠤ᠂ ᠣᠶ ᠰᠢᠭᠤᠶ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ 8 . 5 ᠲᠦᠮᠡᠨ ᠮᠥ ᠨᠡᠮᠡᠭᠳᠡᠭᠦᠯᠵᠦ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠥᠯᠢᠭᠡᠷ ᠳᠠᠭᠤᠷᠢᠶᠠᠯ ᠢᠨᠵᠧᠨᠧᠷᠢᠩ ᠢ ᠬᠦᠴᠦᠯᠡᠨ ᠪᠠᠶᠢᠭᠤᠯᠤᠨ᠎ᠠ  ᠃ ᠭᠤᠤᠯ ᠮᠥᠷᠡᠨ ᠨᠠᠭᠤᠷ ᠴᠥᠭᠦᠷᠥᠮ  ᠤᠨ ᠳᠠᠷᠤᠭ᠎ᠠ ᠶᠢᠨ ᠲᠦᠷᠢᠮ᠂ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ 《 ᠭᠤᠤᠯ ᠢᠶᠠᠷ ᠭᠤᠤᠯ ᠢ ᠲᠡᠵᠢᠭᠡᠬᠦ 》 ᠵᠠᠰᠠᠯᠲᠠ ᠶᠢᠨ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ  ᠃ ᠬᠠᠶᠠᠭᠳᠠᠮᠠᠯ ᠠᠭᠤᠷᠬᠠᠶ ᠶᠢ ᠵᠠᠰᠠᠬᠤ᠂ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠦᠨ᠎ᠡ  ᠃ 《 ᠰᠢᠨ᠎ᠡ ᠡᠨᠧᠷᠭᠢ + ᠠᠮᠢ ᠠᠬᠤᠢ ᠶᠢᠨ ᠡᠯᠡᠰᠦ ᠵᠠᠰᠠᠬᠤ + ᠡᠪᠡᠰᠦ ᠪᠣᠷᠳᠤᠭ᠎ᠠ ᠲᠠᠷᠢᠬᠤ + ᠤᠨᠴᠠᠯᠢᠬᠳᠤ ᠲᠡᠵᠢᠭᠡᠨ ᠦᠷᠡᠵᠢᠭᠦᠯᠬᠦ + ᠡᠯᠡᠰᠦᠨ ᠤ ᠠᠮᠢ ᠠᠬᠤᠢ ᠶᠢᠨ ᠵᠢᠭᠤᠯᠴᠢᠯᠠᠯ 》 ᠤᠨ ᠡᠷᠬᠢᠯᠳᠡᠳᠤ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠢᠳᠡᠪᠬᠢᠲᠡᠢ ᠳᠡᠯᠭᠡᠷᠡᠭᠦᠯᠵᠦ᠂ ᠤᠢ ᠰᠢᠭᠤᠢ ᠵᠢᠮᠢᠰ᠂ ᠤᠢ ᠰᠢᠭᠤᠢ᠂ ᠡᠪᠡᠰᠦᠨ ᠤ ᠦᠢᠯᠡᠰ ᠪᠣᠯᠤᠨ ᠡᠯᠡᠰᠦᠷᠬᠡᠭ ᠭᠠᠵᠠᠷ ᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂  ᠠᠮᠢ ᠠᠬᠤᠢ  ᠶᠢᠨ ᠦᠷ᠎ᠡ ᠠᠰᠢᠭ ᠢ  ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠣᠯᠭᠠᠨ ᠨᠡᠩ ᠰᠠᠶᠢᠨ ᠬᠤᠪᠢᠷᠠᠭᠤᠯᠬᠤ ᠪᠠᠷ ᠴᠢᠷᠮᠠᠶᠢᠨ᠎ᠠ  ᠃  ᠡᠬᠢ ᠪᠠᠶᠠᠯᠢᠭ ᠢ ᠠᠷᠪᠢᠯᠠᠬᠤ ᠶᠢ ᠦᠨᠡᠨᠬᠦ ᠴᠢᠩᠭᠠᠳᠬᠠᠨ᠎ᠠ᠃ ᠪᠦᠬᠦ ᠲᠠᠯ᠎ᠠ ᠪᠠᠷ ᠠᠷᠪᠢᠯᠠᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ 《 ᠲᠠᠪᠤ ᠶᠢ ᠲᠤᠶᠢᠯᠪᠤᠷᠢᠲᠠᠢ ᠪᠠᠶᠢᠴᠠᠭᠠᠬᠤ 》 ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠲᠦᠷᠦᠯ ᠤᠨ ᠡᠬᠢ ᠪᠠᠶᠠᠯᠢᠭ ᠤᠨ ᠡᠯᠧᠮᠧᠨ᠋ᠲ ᠢ ᠠᠷᠪᠢᠲᠠᠢ ᠡᠷᠴᠢᠮᠯᠢᠭ ᠰᠠᠶᠢᠲᠤᠷ ᠠᠰᠢᠭᠯᠠᠨ᠎ᠠ  ᠃ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ 《 ᠬᠤᠶᠠᠷ ᠲᠡᠷᠢᠭᠦᠨ ᠤ 》 ᠬᠢᠨᠠᠨ ᠪᠠᠶᠢᠴᠠᠭᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠪᠠ ᠰᠢᠨ᠎ᠡ ᠡᠨᠧᠷᠭᠢ ᠪᠠᠷ ᠣᠷᠣᠯᠠᠭᠤᠯᠬᠤ ᠶᠢ ᠲᠦᠷᠭᠡᠳᠬᠡᠨ᠂ 《 ᠬᠤᠶᠠᠷ ᠥᠨᠳᠥᠷ 》 ᠲᠥᠷᠥᠯ ᠵᠦᠢᠯ ᠤᠨ ᠳᠣᠣᠷ᠎ᠠ ᠲᠥᠪᠰᠢᠨ ᠢᠶᠠᠷ ᠰᠣᠬᠤᠷ ᠪᠠᠯᠠᠢ ᠪᠠᠷ ᠬᠥᠭᠵᠢᠬᠦ ᠶᠢ ᠡᠷᠡᠰ ᠬᠤᠷᠢᠭᠯᠠᠨ᠎ᠠ  ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠤᠰᠤ ᠠᠷᠪᠢᠯᠠᠵᠤ ᠤᠰᠤ ᠶᠢ ᠬᠢᠵᠠᠭᠠᠷᠯᠠᠬᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ᠂ ᠬᠤᠲᠠ ᠪᠠᠯᠭᠠᠰᠤ ᠶᠢᠨ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠪᠠ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠪᠬᠤ ᠶᠢ ᠵᠠᠰᠠᠬᠤ ᠶᠠᠪᠤᠳᠠᠯ ᠢ ᠶᠡᠬᠡᠪᠡᠷ ᠲᠦᠯᠬᠢᠨ ᠠᠬᠢᠭᠤᠯᠵᠤ᠂ ᠳᠠᠬᠢᠯᠲᠠ ᠤᠰᠤ ᠶᠢ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ  ᠃ ᠭᠠᠵᠠᠷ ᠰᠢᠷᠣᠶ ᠶᠢ ᠡᠵᠡᠩᠨᠡᠬᠦ ᠣᠶᠢᠯᠠᠭᠠᠭᠳᠠᠬᠤᠨ ᠢ ᠪᠣᠶ ᠪᠣᠯᠭᠠᠵᠤ᠂ ᠭᠠᠵᠠᠷ ᠰᠢᠷᠣᠶ ᠡᠵᠡᠩᠨᠡᠬᠦ ᠠᠵᠢᠯ ᠢ ᠰᠠᠶᠢᠲᠤᠷ ᠬᠢᠵᠦ᠂ ᠭᠠᠵᠠᠷ ᠰᠢᠷᠣᠶ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠂ 200 ᠮᠥ ᠵᠥᠪᠰᠢᠶᠡᠷᠡᠭᠰᠡᠨ ᠪᠣᠯᠪᠠᠴᠤ ᠬᠠᠩᠭᠠᠭᠠᠳᠤᠶ ᠭᠠᠵᠠᠷ ᠰᠢᠷᠣᠶ ᠶᠢ ᠰᠢᠩᠭᠡᠭᠡᠵᠦ᠂ 267 ᠮᠥ ᠰᠤᠯᠠ ᠪᠠᠶᠢᠭ᠎ᠠ ᠭᠠᠵᠠᠷ ᠰᠢᠷᠣᠶ ᠶᠢ ᠰᠢᠶᠳᠪᠦᠷᠢᠯᠡᠨ᠂ 8360 ᠮᠥ ᠲᠠᠷᠢᠶᠠᠨ ᠭᠠᠵᠠᠷ ᠢ ᠨᠥᠭᠡᠴᠡᠯᠡᠬᠦ ᠬᠥᠮᠥᠷᠭᠡ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ 880 ᠮᠥ ᠠᠴᠠ ᠳᠡᠭᠡᠭᠰᠢ ᠬᠡᠷᠡᠭᠵᠢᠭᠦᠯᠦᠨ᠎ᠡ  ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号