2023 ᠣᠨ ᠤ ᠤᠩᠨᠢᠭᠤᠳ ᠬᠤᠰᠢᠭᠤᠨ ᠤ  ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2024/1/21
           ( ᠭᠤᠷᠪᠠ ) ᠰᠠᠭᠤᠷᠢ ᠶᠢ ᠪᠠᠬᠢᠵᠢᠭᠦᠯᠬᠦ ᠪᠠᠷ ᠦᠷᠭᠦᠯᠵᠢᠯᠡᠨ ᠬᠦᠴᠦᠯᠡᠵᠦ᠂ ᠬᠤᠳᠠ ᠬᠥᠳᠡᠭᠡ ᠠᠭᠤᠰᠤᠯᠴᠠᠭᠰᠠᠨ᠂ ᠵᠣᠬᠢᠴᠠᠩᠭᠤᠢ ᠬᠥᠭᠵᠢᠭᠰᠡᠨ᠂ ᠰᠠᠭᠤᠷᠢᠰᠢᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ  ᠃ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠪᠣᠯᠤᠨ ᠬᠤᠳᠠ ᠶᠢᠨ ᠬᠤᠣᠰ ᠴᠢᠭᠯᠡᠯ ᠢᠶᠠᠷ ᠬᠦᠴᠦᠯᠡᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠨᠢᠭᠡᠳᠦᠯᠲᠡᠢ ᠲᠥᠯᠥᠪᠵᠢᠭᠦᠯᠬᠦ ᠶᠢ ᠠᠳᠬᠤᠵᠤ᠂ ᠬᠤᠳᠠ ᠬᠥᠳᠡᠭᠡ ᠶᠢᠨ ᠬᠠᠮᠵᠢᠯᠴᠠᠨ ᠬᠥᠭᠵᠢᠬᠦ ᠶᠢ ᠬᠦᠴᠦᠯᠡᠨ ᠠᠬᠢᠭᠤᠯᠤᠨ᠎ᠠ  ᠃            ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠥᠨᠳᠥᠷ ᠪᠠᠷᠢᠮᠵᠢᠶ᠎ᠠ ᠪᠠᠷ ᠠᠬᠢᠭᠤᠯᠤᠨ᠎ᠠ  ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠣᠨᠣᠪᠴᠢᠲᠠᠶ ᠨᠠᠷᠢᠯᠢᠭ ᠨᠠᠶᠢᠳᠠᠪᠤᠷᠢᠵᠢᠭᠤᠯᠤᠨ᠂ ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ ᠠᠵᠤ ᠠᠬᠤᠶᠢᠯᠠᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠲᠣᠪᠣᠶᠢᠮ᠎ᠠ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 57 ᠲᠥᠷᠥᠯ ᠵᠦᠶᠯ ᠢ ᠰᠠᠶᠢᠲᠤᠷ ᠬᠡᠷᠡᠭᠵᠢᠭᠦᠯᠦᠨ᠂ ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠶᠢᠬᠤ ᠶᠢ ᠪᠠᠲᠤᠯᠠᠨ᠎ᠠ  ᠃ ᠯᠤᠤᠬ᠎ᠠ ᠶᠢᠨ ᠭᠤᠤᠯ᠂ ᠰᠢᠷᠠᠮᠥ᠋ᠷᠡᠨ ᠭᠤᠤᠯ ᠤᠨ 《 ᠬᠤᠶᠠᠷ ᠭᠤᠤᠯ 》 ᠤᠨ ᠰᠠᠪᠠ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠢᠭᠡᠳ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠬᠤ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 《 ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ  ᠂ 《 ᠭᠤᠷᠪᠠ ᠶᠢ ᠨᠢᠭᠡ ᠴᠣᠭᠴᠠᠵᠢᠭᠤᠯᠬᠤ 》 ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠠᠯᠭᠠᠰᠤ 1᠂ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ 11 ᠶᠢ ᠡᠭᠦᠳᠦᠨ ᠪᠠᠶᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ  ᠃ ᠶᠠᠳᠠᠭᠤ ᠶᠢ ᠲᠡᠳᠬᠦᠬᠦ ᠲᠥᠷᠥᠯ ᠵᠦᠶᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠴᠠᠭ᠎ᠠ ᠲᠣᠰᠬᠤᠨ ᠤ ᠱᠠᠲᠤᠨ ᠤ ᠠᠰᠢᠭ ᠣᠯᠵᠠᠪᠤᠷᠢ ᠶᠢᠨ ᠮᠥᠩᠭᠦ ᠶᠢ ᠵᠢᠷᠤᠮᠵᠢᠭᠤᠯᠤᠨ ᠬᠠᠮᠢᠶᠠᠷᠴᠤ ᠬᠡᠷᠡᠭᠯᠡᠨ᠎ᠡ  ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠪᠠ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ 3 ᠰᠠᠭᠤᠷᠢ ᠬᠤᠭ ᠨᠣᠪᠰᠢ ᠶᠢ ᠢᠯᠭᠠᠬᠤ ᠪᠠ ᠬᠤᠣᠷ ᠥᠬᠡᠶᠢᠳᠡᠭᠦᠯᠦᠨ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠵᠤ᠂ 3500 ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠵᠤ᠂ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠪᠠ ᠡᠰᠢ ᠰᠦᠷᠡᠯ ᠢ ᠠᠰᠢᠭᠯᠠᠬᠤ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ  ᠃ 《 ᠲᠣᠤᠷᠵᠢᠭᠤᠯᠤᠯᠲᠠ + ᠬᠤᠷᠠᠮᠳᠤᠭᠤᠯᠤᠯ ᠬᠤᠪᠢ 》 ᠤᠨ ᠬᠠᠮᠢᠶᠠᠷᠤᠯᠲᠠ ᠶᠢᠨ ᠵᠠᠭᠪᠤᠷ  ᠢ ᠲᠡᠭᠦᠯᠳᠡᠷᠵᠢᠭᠦᠯᠦᠨ ᠳᠡᠯᠭᠡᠷᠡᠭᠦᠯᠵᠦ᠂ ᠲᠣᠰᠬᠤᠨ ᠤ ᠳᠦᠷᠢᠮ ᠠᠷᠠᠳ ᠤᠨ ᠭᠡᠷ᠎ᠡ ᠶᠢ ᠪᠦᠷᠢᠨᠰᠢᠭᠦᠯᠵᠦ᠂ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠤᠨ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠶ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠤᠨ᠎ᠠ  ᠃          ᠬᠤᠲᠠ ᠶᠢᠨ ᠰᠢᠨᠡᠴᠢᠯᠡᠯᠲᠡ ᠶᠢ ᠥᠨᠳᠥᠷ ᠪᠦᠲᠦᠮᠵᠢᠲᠡᠶ ᠲᠦᠷᠭᠡᠳᠬᠡᠨ᠎ᠡ  ᠃ ᠰᠢᠨᠬᠤᠸᠠ ᠵᠡᠭᠡᠯᠢ ᠶᠢᠨ ᠵᠡᠭᠦᠨ ᠬᠡᠰᠡᠭ ᠵᠢᠴᠢ ᠪᠠᠷᠠᠭᠤᠨ ᠬᠡᠰᠡᠭ᠂ ᠴᠢᠤᠸᠠᠨ ᠨᠢᠩ ᠵᠠᠮ ᠤᠨ ᠡᠮᠦᠨ᠎ᠡ ᠬᠡᠰᠡᠭ᠂ ᠰᠢᠶᠠᠩ ᠶᠠᠩ ᠵᠡᠭᠡᠯᠢ ᠶᠢᠨ ᠳᠤᠮᠳᠠ ᠬᠡᠰᠡᠭ ᠢ ᠥᠭᠡᠷᠡᠴᠢᠯᠡᠬᠦ ᠵᠡᠷᠭᠡ ᠲᠦᠷᠦᠯ ᠵᠦᠢᠯ ᠢ ᠲᠥᠰᠦᠪᠯᠡᠨ ᠬᠡᠷᠡᠭᠵᠢᠭᠦᠯᠵᠦ᠂ ᠰᠢᠷᠠᠮᠥ᠋ᠷᠡᠨ ᠵᠡᠭᠡᠯᠢ᠂ ᠰᠢᠶᠠᠩ ᠶᠠᠩ ᠵᠡᠭᠡᠯᠢ ᠶᠢᠨ ᠵᠡᠭᠦᠨᠰᠢ ᠨᠡᠪᠲᠡᠷᠡᠬᠦ᠂ ᠯᠢᠦ ᠯᠢᠨ ᠵᠠᠮ᠂ ᠡᠾᠦ᠋ᠢ ᠮᠢᠨ ᠵᠠᠮ ᠤᠨ ᠤᠮᠠᠷᠠᠰᠢ ᠨᠡᠪᠲᠡᠷᠡᠬᠦ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠠᠬᠢᠭᠤᠯᠤᠨ᠎ᠠ  ᠃ ᠬᠤᠲᠠ ᠶᠢᠨ ᠲᠣᠭᠤᠷᠢᠭ  ᠤᠨ ᠤᠰᠤ ᠬᠠᠩᠭᠠᠬᠤ ᠦᠢᠯᠡᠳᠪᠦᠷᠢ ᠶᠢ ᠨᠡᠭᠦᠯᠭᠡᠨ ᠪᠠᠶᠢᠭᠤᠯᠬᠤ ᠶᠢ ᠡᠬᠢᠯᠡᠨ ᠬᠡᠷᠡᠭᠵᠢᠭᠦᠯᠵᠦ᠂ ᠲᠡᠮᠦᠷ ᠵᠠᠮ ᠤᠨ ᠠᠶᠠᠨᠴᠢᠳ ᠲᠡᠭᠡᠭᠡᠪᠦᠷᠢ ᠶᠢᠨ ᠥᠷᠲᠡᠭᠡᠨ ᠤ ᠡᠮᠦᠨᠡᠬᠢ ᠠᠭᠤᠳᠠᠮ ᠲᠠᠯᠠᠪᠠᠢ ᠵᠡᠷᠭᠡ ᠲᠥᠷᠦᠯ ᠵᠦᠢᠯ ᠢ ᠡᠬᠢᠯᠡᠨ ᠬᠡᠷᠡᠭᠵᠢᠭᠦᠯᠵᠦ᠂ 1994 ᠬᠠᠭᠤᠴᠢᠨ ᠰᠠᠭᠤᠭᠠᠯᠢ ᠲᠣᠭᠤᠷᠢᠭ ᠤᠨ 18 . 5 ᠲᠦᠮᠡᠨ ᠲᠡᠭᠰᠢ ᠳᠥᠷᠪᠡᠯᠵᠢᠨ ᠮᠧᠲᠷ ᠢ ᠦᠭᠡᠷᠡᠴᠢᠯᠡᠨ ᠵᠠᠰᠠᠵᠤ᠂ ᠭᠠᠵᠠᠷ ᠳᠣᠣᠷᠠᠬᠢ ᠡᠯ᠎ᠡ ᠲᠥᠷᠥᠯ ᠤᠨ ᠬᠤᠭᠤᠯᠠᠢ ᠶᠢᠨ ᠲᠣᠣᠷ  ᠢ 2 ᠲᠦᠮᠡᠨ  ᠮᠧᠲᠷ ᠰᠢᠨ᠎ᠡ ᠪᠠᠷ ᠨᠡᠮᠡᠭᠳᠡᠭᠦᠯᠵᠦ᠂ 9 ᠲᠦᠮᠡᠨ ᠲᠡᠭᠰᠢ ᠳᠥᠷᠪᠡᠯᠵᠢᠨ ᠮᠧᠲᠷ ᠭᠡᠷ ᠬᠥᠷᠥᠩᠭᠡ ᠶᠢᠨ ᠨᠡᠭᠡᠭᠡᠨ ᠠᠰᠢᠭᠯᠠᠯᠲᠠ ᠶᠢ ᠬᠢᠨ᠎ᠡ  ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠦᠷᠨᠢᠭᠦᠯᠦᠨ᠎ᠡ᠂ ᠳᠤᠷ᠎ᠠ  ᠪᠠᠷ ᠢᠶᠠᠨ ᠪᠠᠷᠢᠯᠭ᠎ᠠ ᠪᠠᠷᠢᠬᠤ᠂ ᠵᠠᠮ ᠬᠠᠷᠢᠯᠴᠠᠭ᠎ᠠ ᠲᠦᠭᠵᠢᠷᠡᠬᠦ᠂ ᠱᠤᠤᠭᠢᠶᠠᠨ ᠢᠶᠠᠷ ᠠᠷᠠᠳ ᠢ ᠦᠢᠮᠡᠭᠦᠯᠬᠦ᠂ ᠠᠰᠠᠷ ᠳᠡᠭᠡᠷ᠎ᠡ ᠠᠴᠠ ᠤᠳᠠᠰᠤ ᠪᠠᠭᠤᠯᠭᠠᠨ ᠴᠠᠬᠢᠯᠭᠠᠨ ᠴᠡᠨᠡᠭᠯᠡᠬᠦ ᠵᠡᠷᠭᠡ ᠬᠤᠲᠠ ᠶᠢᠨ ᠠᠷᠬᠠᠭ ᠬᠡᠮ ᠢ ᠬᠦᠴᠦᠲᠡᠶ ᠴᠡᠭᠴᠡᠯᠡᠨ ᠵᠠᠰᠠᠵᠤ᠂ ᠴᠢᠬᠤᠯᠠ ᠲᠠᠯᠠᠪᠤᠷ ᠭᠠᠵᠠᠷ ᠲᠤ ᠲᠡᠷᠭᠡ ᠵᠣᠭᠰᠣᠬᠤ ᠪᠠ ᠵᠠᠰᠠᠮᠠᠯ ᠵᠠᠮ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ 3 ᠵᠤᠷᠪᠤᠰ ᠵᠡᠭᠡᠯᠢ ᠭᠤᠳᠤᠮᠵᠢ ᠶᠢ ᠵᠠᠰᠠᠵᠤ᠂ ᠤᠶᠤᠨᠲᠤ ᠬᠤᠲᠠ ᠶᠢᠨ ᠬᠠᠮᠢᠶᠠᠷᠤᠯᠲᠠ  ᠶᠢ ᠰᠦᠪᠡᠭᠴᠢᠯᠡᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠰᠢᠭᠤ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ  ᠃ᠰᠠᠭᠤᠷᠢ ᠲᠥᠬᠦᠭᠡᠷᠦᠮᠵᠢ ᠶᠢ ᠴᠢᠨᠠᠷ ᠰᠠᠶᠢᠲᠠᠶ ᠪᠠᠶᠢᠭᠤᠯᠤᠨ ᠬᠦᠴᠦᠷᠬᠡᠭᠵᠢᠭᠦᠯᠦᠨ᠎ᠡ  ᠃ ᠮᠤᠵᠢ ᠶᠢᠨ ᠵᠠᠮ 304 ᠱᠤᠭᠤᠮ ᠵᠢᠴᠢ ᠦᠳᠡ ᠶᠢᠨ ᠬᠤᠸᠠ ᠳᠤ ᠬᠠᠷᠢᠯᠴᠠᠨ ᠨᠡᠪᠲᠡᠷᠡᠬᠦ ᠰᠡᠭᠦᠯᠴᠢ ᠶᠢᠨ ᠬᠡᠰᠡᠭ᠂ ᠮᠤᠵᠢ ᠶᠢᠨ ᠵᠠᠮ 210 ᠱᠤᠭᠤᠮ ᠤᠨ ᠣᠩᠨᠢᠭᠤᠳ ᠬᠤᠰᠢᠭᠤᠨ ᠤ ᠬᠡᠰᠡᠭ᠂ ᠤᠯᠠᠭᠠᠠᠤᠳᠤ ᠡᠯᠡᠰᠦ ᠳᠤᠭᠤᠯᠤᠭᠰᠠᠨ ᠵᠠᠰᠠᠮᠠᠯ ᠵᠠᠮ ᠢ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠬᠦ ᠶᠢ ᠲᠦᠷᠭᠡᠳᠬᠡᠨ ᠠᠬᠢᠭᠤᠯᠵᠤ᠂ ᠤᠯᠤᠰ ᠤᠨ ᠵᠠᠮ 306 ᠱᠤᠭᠤᠮ  ᠤᠨ ᠴᠢᠶᠤᠤ ᠲᠸᠤ ᠪᠠᠯᠭᠠᠰᠤᠨ ᠤ ᠲᠣᠭᠤᠷᠢᠭ  ᠤᠨ ᠬᠤᠲᠠ ᠶᠢ ᠲᠣᠭᠤᠷᠢᠭᠰᠠᠨ ᠵᠠᠰᠠᠮᠠᠯ ᠵᠠᠮ᠂ ᠰᠢᠶᠠᠨ ᠤ ᠵᠠᠮ 214 ᠱᠤᠭᠤᠮ ᠤᠨ ᠡᠤ ᠬᠠ ᠶᠢᠨ ᠬᠡᠰᠡᠭ᠂ ᠡᠤ ᠬᠤ᠋ ᠱᠤᠭᠤᠮ ᠤᠨ ᠪᠣᠷᠣᠬᠤᠲᠠ ᠠᠴᠠ ᠠᠰᠢᠬᠠᠨ ᠬᠦᠷᠬᠦ ᠬᠡᠰᠡᠭ  ᠤᠨ ᠢᠨᠵᠧᠨᠧᠷᠢᠩ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠷᠣᠬᠤᠲᠠ ᠠᠴᠠ ᠴᠢᠪᠠᠭ᠎ᠠ ᠬᠦᠷᠬᠦ ᠦᠨᠳᠦᠷ ᠬᠤᠷᠳᠤᠴᠠᠲᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠬᠠᠪᠰᠤᠷᠤᠨ ᠠᠬᠢᠭᠤᠯᠤᠨ᠎ᠠ  ᠃ ᠤᠯᠠᠭᠠᠨᠬᠠᠳᠠ - ᠳ᠋ᠠᠪᠠᠨ - ᠪᠠᠶᠠᠨᠬᠤᠸᠠ ᠲᠡᠮᠦᠷ ᠵᠠᠮ ᠤᠨ ᠠᠶᠠᠨᠴᠢᠳ ᠲᠡᠭᠡᠭᠡᠪᠦᠷᠢ ᠶᠢᠨ ᠲᠤᠰᠬᠠᠢ ᠱᠤᠭᠤᠮ ᠢ ᠨᠡᠪᠲᠡᠷᠡᠭᠦᠯᠵᠦ᠂ ᠣᠩᠨᠢᠭᠤᠳ ᠬᠤᠰᠢᠭᠤᠨ ᠳᠤ ᠠᠶᠠᠨᠴᠢᠳ ᠤᠨ ᠭᠠᠯᠲᠤ ᠲᠡᠷᠭᠡ ᠨᠡᠪᠲᠡᠷᠡᠬᠦ ᠦᠭᠡᠢ ᠲᠡᠦᠬᠡ ᠶᠢ ᠲᠤᠶᠢᠯᠪᠤᠷᠢᠲᠠᠢ ᠡᠴᠦᠰᠯᠡᠭᠦᠯᠦᠨ᠎ᠡ  ᠃           《 ᠳᠥᠷᠪᠡᠨ ᠰᠠᠶᠢᠨ ᠬᠥᠳᠡᠭᠡ ᠲᠣᠰᠬᠤᠨ ᠤ ᠵᠠᠮ 》 ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠡᠶᠢᠭᠡᠮᠴᠢᠯᠡᠭᠰᠡᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠬᠡᠲᠦᠷᠡᠲᠡᠯ᠎ᠡ ᠲᠡᠭᠡᠭᠡᠪᠦᠷᠢᠯᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ  ᠃ 10 ᠺᠢᠯᠤᠸᠤᠯᠲ ᠶᠢᠨ ᠬᠥᠳᠡᠭᠡ ᠲᠣᠰᠬᠤᠨ ᠤ ᠴᠠᠬᠢᠯᠭᠠᠨ ᠲᠣᠣᠷ ᠤᠨ ᠱᠤᠭᠤᠮ ᠢ 60 ᠺᠢᠯᠤᠮᠧᠲᠷ ᠰᠢᠨ᠎ᠡ ᠪᠠᠷ ᠪᠠᠶᠢᠭᠤᠯᠵᠤ᠂ ᠪᠠᠭᠠᠷᠢᠨ ᠨᠠᠢᠮᠠᠨ ᠹᠦᠰᠢᠨ ᠤ 500 ᠺᠢᠯᠤᠸᠤᠯᠲ ᠶᠢᠨ ᠴᠠᠬᠢᠯᠭᠠᠨ ᠱᠤᠭᠤᠮ᠂ ᠰᠢᠷᠠᠮᠥ᠋ᠷᠡᠨ ᠤ 220 ᠺᠢᠯᠤᠸᠤᠯᠲ ᠶᠢᠨ ᠴᠠᠬᠢᠯᠭᠠᠨ ᠬᠦᠴᠦᠳᠡᠯ ᠬᠤᠪᠢᠰᠬᠠᠬᠤ᠂ ᠽᠢ ᠴᠧᠩ ᠤᠨ 220 ᠺᠢᠯᠤᠸᠤᠯᠲ ᠶᠢᠨ ᠴᠠᠬᠢᠯᠭᠠᠨ ᠬᠦᠴᠦᠳᠡᠯ ᠬᠤᠪᠢᠰᠬᠠᠬᠤ᠂ ᠵᠤᠸᠠᠩ ᠳᠧᠦ ᠶᠢᠩ ᠤᠨ ᠰᠠᠯᠬᠢ ᠭᠡᠷᠡᠯ ᠲᠥᠪᠯᠡᠷᠡᠭᠦᠯᠬᠦ ᠥᠷᠲᠡᠭᠡᠨ ᠤ ᠰᠠᠭᠤᠷᠢ 66 ᠺᠢᠯᠤᠸᠤᠯᠲ ᠶᠢᠨ ᠴᠠᠬᠢᠯᠭᠠᠨ ᠬᠦᠴᠦᠳᠡᠯ ᠬᠤᠪᠢᠰᠬᠠᠬᠤ᠂ ᠰᠢᠨᠡᠰᠦ᠋ᠮ᠎ᠡ ᠶᠢᠨ 3 ᠰᠠᠭᠤᠷᠢ  66 ᠺᠢᠯᠤᠸᠤᠯᠲ ᠶᠢᠨ ᠴᠠᠬᠢᠯᠭᠠᠨ ᠬᠦᠴᠦᠳᠡᠯ ᠬᠤᠪᠢᠰᠬᠠᠬᠤ ᠥᠷᠲᠡᠭᠡᠨ ᠤ ᠥᠭᠡᠷᠡᠴᠢᠯᠡᠯᠲᠡ ᠶᠢᠨ ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂  ᠴᠢᠤᠸᠠᠨ ᠨᠢᠩ ᠤᠨ 66 ᠺᠢᠯᠤᠸᠤᠯᠲ ᠶᠢᠨ ᠴᠠᠬᠢᠯᠭᠠᠨ ᠬᠦᠴᠦᠳᠡᠯ ᠬᠤᠪᠢᠰᠬᠠᠬᠤ ᠥᠷᠲᠡᠭᠡ ᠶᠢᠨ ᠠᠵᠢᠯ ᠡᠬᠢᠯᠡᠭᠦᠯᠬᠦ ᠪᠠᠷ ᠴᠢᠷᠮᠠᠶᠢᠨ᠎ᠠ  ᠃ ᠴᠦᠨᠳᠦᠪ ᠤᠨ ᠭᠤᠤᠯ ᠤᠨ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠰᠢᠷᠠᠮᠥ᠋ᠷᠡᠨ ᠭᠤᠤᠯ ᠤᠨ ᠦᠶᠡᠷ ᠢ ᠰᠡᠷᠭᠡᠶᠢᠯᠡᠬᠦ ᠵᠠᠰᠠᠯᠲᠠ᠂  ᠬᠦᠷᠬᠢᠷ᠎ᠡ ᠶᠢᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠵᠡᠷᠭᠡ ᠲᠥᠷᠥᠯ ᠵᠦᠶᠯ ᠢ ᠲᠦᠷᠭᠡᠳᠬᠡᠨ ᠬᠡᠷᠡᠭᠵᠢᠭᠦᠯᠵᠦ᠂ ᠳ᠋ᠠ ᠰᠢᠩ ᠤᠰᠤᠯᠠᠯᠲᠠ ᠶᠢᠨ ᠣᠷᠣᠨ ᠢ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠤᠰᠤ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠪᠥᠬᠦ ᠬᠦᠴᠦᠨ ᠢᠶᠠᠷ ᠠᠬᠢᠭᠤᠯᠤᠨ᠎ᠠ  ᠃ ᠤᠯᠤᠰ ᠮᠤᠵᠢ ᠶᠢᠨ ᠭᠤᠤᠯ ᠵᠠᠮ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ  ᠤᠷᠤᠨ ᠬᠡᠪᠴᠢᠶᠡᠨ ᠤ ᠴᠢᠮᠡᠭᠡ ᠬᠤᠯᠪᠣᠭᠠᠨ ᠤ ᠳᠣᠬᠢᠶ᠎ᠠ ᠶᠢᠨ ᠪᠠᠯᠠᠶ ᠣᠷᠣᠨ ᠢ ᠬᠦᠴᠦᠯᠡᠨ ᠠᠷᠢᠯᠭᠠᠵᠤ᠂ 5 G ᠰᠠᠭᠤᠷᠢ ᠥᠷᠲᠡᠭᠡ ᠶᠢ 15 ᠠᠴᠠ ᠳᠡᠭᠡᠭᠰᠢ ᠰᠢᠨ᠎ᠡ ᠪᠠᠷ ᠪᠠᠶᠢᠭᠤᠯᠤᠨ᠎ᠠ  ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号