2023 ᠣᠨ ᠤ ᠤᠩᠨᠢᠭᠤᠳ ᠬᠤᠰᠢᠭᠤᠨ ᠤ  ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2024/1/21
( ᠳᠦᠷᠪᠡ ) ᠪᠦᠬᠦ ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠯᠠᠨ ᠤ ᠨᠡᠶᠢᠳᠡᠮ ᠠᠩᠬᠠᠷᠴᠤ ᠪᠠᠶᠢᠭ᠎ᠠ ᠳᠡᠷᠭᠡᠳᠡᠬᠢ ᠶᠠᠪᠤᠳᠠᠯ᠂ ᠪᠣᠳᠠᠲᠤ ᠶᠠᠪᠤᠳᠠᠯ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠵᠦ᠂ ᠦᠨᠡᠨ ᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠤ ᠶᠠᠪᠤᠳᠠᠯ ᠢ ᠪᠣᠳᠠᠲᠠᠶ ᠬᠢᠨ᠎ᠡ᠃᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠴᠢᠳᠠᠯ ᠢᠶᠠᠷ ᠢᠶᠠᠨ ᠴᠢᠷᠮᠠᠶᠢᠬᠤ ᠮᠥᠷᠲᠡᠭᠡᠨ ᠴᠢᠳᠠᠯ ᠤᠨ ᠢᠶᠠᠨ ᠬᠢᠷᠢ ᠪᠠᠷ ᠬᠢᠵᠦ᠂ ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠳᠤᠮᠳᠠ ᠬᠠᠮᠲᠤ ᠪᠠᠷ ᠪᠠᠶᠠᠵᠢᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠠᠷᠠᠳ ᠲᠦᠮᠡᠨ ᠤ ᠠᠮᠢᠲᠤᠷᠠᠯ ᠢ ᠨᠡᠩ ᠰᠠᠶᠢᠵᠢᠷᠠᠭᠤᠯᠬᠤ ᠪᠠᠷ ᠴᠢᠷᠮᠠᠶᠢᠨ᠎ᠠ᠃ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠠᠬᠢᠭᠤᠯᠤᠨ᠎ᠠ  ᠃ ᠠᠵᠢᠯ ᠣᠯᠭᠤᠯᠲᠠ  ᠶᠢ ᠨᠠᠩ ᠳᠣᠪᠤᠶᠢᠮ᠎ᠠ ᠪᠠᠶᠢᠷᠢᠨ ᠳᠤ ᠲᠠᠯᠪᠢᠵᠤ᠂ ᠠᠵᠢᠯ ᠣᠯᠭᠤᠯᠲᠠ ᠶᠢ ᠠᠬᠢᠭᠤᠯᠬᠤ     《 ᠲᠠᠪᠤᠨ ᠶᠡᠭᠡ ᠠᠵᠢᠯᠯᠠᠭ᠎ᠠ 》 ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠶᠢᠨ ᠲᠠᠯ᠎ᠠ᠂ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠶᠢ ᠣᠨᠣᠪᠴᠢᠲᠠᠢ ᠵᠣᠯᠭᠠᠭᠤᠯᠬᠤ ᠲᠠᠪᠴᠠᠩ  ᠢ ᠪᠠᠶᠢᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠰᠠᠶᠢᠲᠤᠷ ᠠᠳᠬᠤᠵᠤ᠂ ᠪᠦᠬᠦ ᠵᠢᠯ ᠳᠤ ᠬᠤᠲᠠ ᠪᠠᠯᠭᠠᠰᠤ  ᠶᠢᠨ 1250 ᠬᠥᠮᠦᠨ ᠳᠤ ᠰᠢᠨ᠎ᠡ ᠪᠠᠷ ᠠᠵᠢᠯ ᠣᠯᠭᠤᠵᠤ᠂ 6 . 4 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠠᠵᠢᠯ ᠦᠭᠡᠢ ᠬᠥᠮᠦᠨ ᠦᠭᠡᠢ ᠭᠡᠷ ᠪᠦᠯᠢ ᠶᠢ ᠬᠥᠳᠡᠯᠦᠩᠭᠦᠢ ᠪᠠᠷ ᠦᠭᠡᠢ ᠪᠣᠯᠭᠠᠬᠤ ᠶᠢ ᠪᠠᠲᠤᠯᠠᠨ᠎ᠠ  ᠃  ᠲᠦᠷᠢᠮᠵᠢᠭᠰᠡᠨ《 ᠠᠷᠰᠠᠷ ᠠᠵᠢᠯ ᠤᠨ ᠵᠠᠬ᠎ᠠ ᠳᠡᠯᠭᠡᠭᠦᠷ 》 1 ᠶᠢ ᠰᠢᠨ᠎ᠡ ᠪᠠᠷ ᠪᠠᠶᠢᠭᠤᠯᠵᠤ᠂ ᠨᠠᠩ ᠣᠯᠠᠨ ᠠᠮᠢᠳᠤᠯᠢᠭ ᠠᠵᠢᠯ ᠣᠯᠭᠤᠯᠲᠠ ᠶᠢ ᠪᠡᠶᠡᠯᠡᠭᠦᠯᠦᠨ᠎ᠡ᠃ ᠴᠠᠯᠢᠩ ᠥᠷᠢᠲᠦᠬᠦ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ  ᠪᠠᠲᠤᠯᠠᠨ᠎ᠠ  ᠃          ᠨᠡᠶᠢᠭᠡᠮ ᠤᠨ ᠦᠢᠯᠡᠰ ᠢ ᠶᠡᠬᠡᠪᠡᠷ ᠬᠥᠭᠵᠢᠭᠦᠯᠦᠨ᠎ᠡ  ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ  ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ ᠢ ᠨᠡᠶᠢᠳᠡᠮ ᠳᠤᠨᠢ ᠬᠠᠷᠠᠭᠠᠯᠵᠠᠵᠤ ᠬᠥᠭᠵᠢᠭᠦᠯᠦᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠠᠭᠤᠷᠢ ᠶᠢ ᠪᠠᠬᠢᠵᠢᠭᠦᠯᠵᠦ᠂ ᠥᠨᠳᠥᠷ ᠳᠤᠮᠳᠠᠳᠤ ᠶᠢᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭᠲᠤ ᠬᠥᠭᠵᠢᠯᠲᠡ ᠶᠢ ᠠᠬᠢᠭᠤᠯᠵᠤ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠳᠠᠮᠵᠢᠨ ᠵᠢᠷᠤᠮᠵᠢᠭᠤᠯᠵᠤ᠂ ᠣᠩᠨᠢᠭᠤᠳ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠢ ᠳᠠᠬᠢᠨ ᠮᠠᠨᠳᠤᠭᠤᠯᠤᠨ᠎ᠠ᠃ ᠪᠣᠷᠣᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ ᠵᠢᠴᠢ ᠬᠤᠭᠤᠯᠠᠨ ᠭᠡᠷ᠂ ᠬᠠᠢᠯᠠᠰᠤ ᠶᠢᠨ ᠮᠣᠩᠭᠤᠯ ᠬᠡᠦᠬᠡᠳ ᠤᠨ ᠴᠡᠴᠡᠷᠯᠢᠭ᠂ ᠦᠳᠡ ᠶᠢᠨ ᠬᠤᠸᠠ ᠴᠡᠴᠡᠷᠯᠢᠭ ᠵᠡᠷᠭᠡ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠪᠣᠷᠣᠬᠤᠲᠠ ᠶᠢᠨ ᠳᠣᠯᠣᠳᠤᠭᠠᠷ ᠪᠠᠭ᠎ᠠ ᠰᠤᠷᠭᠠᠭᠤᠯᠢ ᠪᠠ ᠳ᠋ᠠᠰᠢᠩ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠰᠠᠷ᠂ ᠰᠢᠨᠡᠰᠦ᠋ᠮ᠎ᠡ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂  ᠰᠢᠨᠡᠰᠦ᠋ᠮ᠎ᠡ ᠬᠡᠦᠬᠡᠳ ᠤᠨ ᠴᠡᠴᠡᠷᠯᠢᠭ᠂ ᠵᠢᠶᠧ ᠹᠠᠩ ᠶᠢᠩ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ  ᠃ ᠰᠤᠷᠭᠠᠨ ᠬᠥᠮᠦᠵᠢᠯ ᠤᠨ ᠪᠠᠶᠢᠷᠢᠰᠢᠯ ᠤᠨ ᠲᠣᠬᠢᠷᠠᠭᠤᠯᠤᠯᠲᠠ ᠶᠢ ᠬᠦᠴᠦᠲᠡᠶ ᠠᠬᠢᠭᠤᠯᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠪᠠᠭᠰᠢ ᠶᠢᠨ ᠪᠦᠲᠦᠴᠡ  ᠶᠢᠨ ᠴᠢᠨᠠᠷᠲᠠᠶ ᠣᠷᠣᠨ ᠲᠤᠭ᠎ᠠ ᠳᠤᠲᠠᠭᠳᠠᠬᠤ ᠠᠰᠠᠭᠤᠳᠠᠯ ᠢ ᠰᠢᠶᠳᠪᠦᠷᠢᠯᠡᠨ᠎ᠡ  ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂  ᠳᠤᠮᠳᠠᠳᠤ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ᠂ 《 ᠬᠤᠶᠠᠷ ᠢ ᠬᠥᠩᠭᠡᠷᠡᠭᠦᠯᠬᠦ 》 ᠵᠡᠷᠭᠡ ᠠᠵᠢᠯ ᠢ ᠵᠡᠷᠭᠡᠪᠡᠷ ᠰᠠᠶᠢᠲᠤᠷ ᠠᠳᠬᠤᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠭᠢᠯᠡᠨ᠎ᠡ  ᠃ ᠡᠷᠡᠭᠦᠯ ᠡᠩᠬᠡ ᠣᠩᠨᠢᠭᠤᠳ ᠬᠤᠰᠢᠭᠤᠨ ᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠴᠢᠤᠸᠠᠨ ᠨᠢᠩ᠂ ᠽᠢ ᠴᠧᠩ ᠨᠡᠶᠢᠭᠡᠮ ᠲᠣᠭᠤᠷᠢᠭ ᠤᠨ ᠡᠮᠴᠢᠯᠡᠭᠡ ᠰᠤᠪᠢᠯᠠᠯᠲᠠ ᠶᠢᠨ ᠦᠶᠯᠡᠴᠢᠯᠡᠭᠡᠨ ᠤ ᠲᠥᠪ ᠪᠣᠯᠤᠨ ᠴᠢᠶᠣᠤ ᠳᠧᠦ ᠡᠷᠡᠭᠦᠯ ᠬᠠᠮᠠᠭᠠᠯᠠᠯ ᠤᠨ ᠬᠤᠷᠢᠶ᠎ᠠ ᠶᠢ ᠨᠡᠭᠦᠯᠭᠡᠨ ᠪᠠᠶᠢᠭᠤᠯᠬᠤ ᠲᠥᠷᠥᠯ ᠵᠦᠶᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠬᠤᠰᠢᠭᠤ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠪᠠᠶᠢᠭᠤᠯᠬᠤ᠂ ᠡᠪᠡᠳᠴᠢᠨ ᠢ ᠰᠡᠷᠭᠡᠶᠢᠯᠡᠨ ᠵᠠᠰᠠᠬᠤ ᠲᠥᠪ᠂ ᠬᠢᠵᠢᠭ ᠢ ᠰᠡᠷᠭᠡᠶᠢᠯᠡᠨ ᠡᠵᠡᠮᠳᠡᠬᠦ ᠲᠥᠪ᠂ ᠪᠠᠴᠢᠮ ᠪᠠᠶᠢᠳᠠᠯ ᠢ ᠠᠷᠭᠠᠴᠠᠭᠠᠬᠤ ᠡᠮᠴᠢᠯᠡᠭᠡᠨ ᠤ ᠠᠪᠤᠷᠠᠨ ᠵᠠᠰᠠᠬᠤ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ  ᠃ ᠡᠮᠴᠢᠯᠡᠭᠡᠨ ᠤ ᠬᠤᠯᠪᠣᠭᠠᠲᠤ ᠴᠣᠭᠴᠠ᠂ ᠡᠮᠴᠢᠯᠡᠭᠡᠨ ᠤ ᠬᠠᠮᠲᠤ ᠶᠢᠨ ᠴᠣᠭᠴᠠ ᠵᠢᠴᠢ ᠲᠤᠰᠬᠠᠶ ᠰᠠᠯᠠᠭ᠎ᠠ ᠲᠠᠰᠤᠭ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠶᠠᠩ ᠤᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠢᠲᠠᠳ ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠮᠥᠷᠳᠡᠨ ᠰᠢᠯᠢᠳᠡᠭᠵᠢᠭᠦᠯᠵᠦ᠂ ᠡᠮᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠬᠦ ᠪᠠ ᠮᠠᠯᠵᠢᠬᠤ ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠸᠠᠺᠼᠢᠨ ᠤ ᠲᠠᠷᠢᠯᠭ᠎ᠠ ᠬᠢᠬᠦ ᠨᠣᠷᠮ᠎ᠠ ᠪᠠ ᠬᠦᠨᠳᠦ ᠡᠪᠡᠳᠴᠢᠲᠡᠨ ᠢ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮᠨᠡᠯᠭᠡ ᠶᠢᠨ ᠠᠵᠢᠯᠲᠠᠨ ᠢ ᠬᠠᠯᠠᠮᠵᠢᠯᠠᠬᠤ 《 ᠲᠤᠯᠤᠭᠠᠨ ᠵᠦᠶᠯ ᠤᠨ ᠠᠷᠭ᠎ᠠ ᠬᠡᠮᠵᠢᠶ᠎ᠡ 》 ᠶᠢ ᠲᠣᠭᠲᠠᠭᠠᠨ ᠨᠡᠶᠢᠲᠡᠯᠡᠵᠦ᠂ ᠡᠮᠨᠡᠯᠭᠡ ᠶᠢᠨ ᠠᠵᠢᠯᠲᠠᠨ ᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ  ᠃ ᠴᠢᠳᠠᠪᠤᠷᠢᠲᠠᠨ ᠢ ᠬᠥᠮᠦᠵᠢᠭᠦᠯᠬᠦ ᠪᠠ ᠣᠷᠣᠭᠤᠯᠤᠨ ᠠᠪᠴᠢᠷᠠᠬᠤ ᠠᠵᠢᠯ ᠢ ᠰᠠᠶᠢᠲᠤᠷ ᠬᠢᠵᠦ᠂ ᠰᠢᠨ᠎ᠡ ᠪᠠᠷ 430 ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠤᠷᠢᠨ ᠬᠡᠷᠡᠭᠯᠡᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠪᠡᠶ᠎ᠡ  ᠶᠢᠨ ᠲᠠᠮᠢᠷ ᠤᠨ ᠴᠡᠴᠡᠷᠯᠢᠭ᠂ ᠤᠳᠠᠨᠲᠤᠬᠤᠢ ᠵᠢᠴᠢ ᠠᠰᠢᠬᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠠᠢ ᠣᠷᠳᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠠᠭᠠᠨᠮᠥ᠋ᠴᠢᠷ ᠤᠨ ᠣᠷᠳᠣᠨ᠂ ᠠᠵᠢᠯᠴᠢᠨ ᠤ ᠰᠣᠶᠣᠯ ᠤᠨ ᠣᠷᠳᠣᠨ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ  ᠃ ᠲᠡᠦᠬᠡ  ᠶᠢᠨ ᠳᠤᠷᠠᠰᠬᠠᠯᠲᠤ ᠵᠦᠢᠯᠡᠰ ᠪᠣᠯᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠬᠥᠭᠵᠢᠭᠦᠯᠬᠦ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ  ᠃          ᠨᠡᠶᠢᠭᠡᠮ ᠤᠨ ᠪᠠᠲᠤᠯᠠᠭ᠎ᠠ ᠶᠢ ᠬᠦᠴᠦᠯᠡᠨ ᠴᠢᠩᠭᠠᠳᠬᠠᠨ᠎ᠠ  ᠃  ᠪᠥᠬᠦ ᠠᠷᠠᠳ ᠢᠶᠠᠷ ᠢᠶᠠᠨ ᠳᠠᠭᠠᠳᠬᠠᠯ  ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠡᠮᠡᠭᠲᠡᠶᠢᠴᠦᠳ ᠬᠡᠦᠬᠡᠳ᠂ ᠵᠡᠮᠳᠡᠭᠴᠦᠳ ᠤᠨ ᠬᠥᠭᠵᠢᠯᠲᠡ ᠶᠢᠨ ᠬᠥᠲᠥᠯᠪᠦᠷᠢ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂ ᠭᠤᠤᠯᠳᠠᠯᠭ᠎ᠠ ᠲᠠᠢ ᠬᠥᠮᠦᠰ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ  ᠃ ᠨᠠᠰᠤᠲᠠᠶᠢᠴᠤᠳ ᠢ ᠠᠰᠠᠷᠠᠨ ᠬᠠᠷᠠᠭᠠᠯᠵᠠᠬᠤ ᠬᠦᠷᠢᠶᠡᠯᠡᠩ᠂ ᠪᠸᠢ ᠱᠠᠨ ᠨᠡᠶᠢᠲᠡ ᠶᠢᠨ ᠣᠩᠭᠤᠨ ᠤ ᠴᠢᠨᠳᠠᠷ ᠤᠨ ᠲᠠᠩᠬᠢᠮ ᠢ ᠪᠠᠶᠢᠭᠤᠯᠤᠨ ᠲᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠪᠣᠯᠪᠠᠰᠤᠨ ᠣᠷᠣᠰᠢᠭᠤᠯᠭ᠎ᠠ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠵᠡᠷᠭᠡ ᠠᠵᠢᠯ ᠢ ᠰᠠᠶᠢᠲᠤᠷ ᠬᠢᠨ᠎ᠠ  ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠶᠢ ᠳᠣᠪᠤᠶᠢᠯᠭᠠᠵᠤ ᠂ ᠬᠥᠭᠵᠢᠯᠲᠡ ᠶᠢ ᠨᠠᠩ ᠬᠠᠯᠠᠭᠤᠨ ᠳᠤᠯᠠᠭᠠᠨ᠂ ᠠᠷᠠᠳ ᠤᠨ ᠠᠮᠢᠳᠤᠷᠠᠯ ᠢ ᠨᠠᠩ ᠴᠢᠨᠠᠷ ᠴᠢᠨᠰᠠᠭ᠎ᠠ ᠲᠠᠢ ᠪᠣᠯᠭᠠᠬᠤ ᠪᠠᠷ ᠴᠢᠷᠮᠠᠶᠢᠨ᠎ᠠ  ᠃ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ  ᠃ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠠᠶᠤᠯᠭᠦᠢ ᠦᠶᠯᠡᠳᠪᠦᠷᠢᠯᠡᠯ ᠤᠨ 《 ᠠᠷᠪᠠᠨ ᠲᠠᠪᠤᠨ ᠵᠦᠶᠯ ᠤᠨ ᠬᠠᠲᠠᠭᠤ ᠠᠷᠭ᠎ᠠ ᠬᠡᠮᠵᠢᠶ᠎ᠡ 》 ᠶᠢ ᠴᠢᠩᠭ᠎ᠠ ᠨᠠᠶᠢᠳᠠᠪᠤᠷᠢᠵᠢᠭᠤᠯᠤᠨ᠂ ᠭᠠᠯ ᠰᠡᠷᠭᠡᠶᠢᠯᠡᠯᠲᠡ ᠶᠢᠨ ᠠᠮᠤᠷ ᠲᠦᠪᠰᠢᠨ᠂ ᠪᠠᠷᠢᠯᠭ᠎ᠠ ᠪᠠᠷᠢᠬᠤ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠪᠠ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠵᠦ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ  ᠃ ᠢᠳᠡᠭᠡᠨ ᠤ ᠠᠮᠤᠷ ᠲᠦᠪᠰᠢᠨ ᠤ 《 ᠬᠤᠶᠠᠷ ᠬᠠᠷᠢᠭᠤᠴᠠᠯᠭ᠎ᠠ 》 ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠠᠷᠭ᠎ᠠ ᠬᠡᠮᠵᠢᠶ᠎ᠡ  ᠶᠢ ᠬᠡᠷᠡᠭᠵᠢᠭᠦᠯᠵᠦ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠨ᠎ᠠ  ᠃ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠡ  ᠃ ᠵᠥᠷᠢᠴᠡᠯ ᠵᠢᠭᠤᠷᠠᠭᠠᠨ ᠪᠠ ᠵᠠᠬᠢᠳᠠᠯ ᠰᠤᠷᠪᠤᠯᠵᠢᠯᠠᠭ᠎ᠠ ᠶᠢᠨ ᠭᠡᠮ ᠰᠣᠭᠤᠭ ᠢ ᠪᠠᠶᠢᠴᠠᠭᠠᠨ ᠰᠢᠢᠳᠪᠦᠷᠢᠯᠡᠬᠦ ᠬᠦᠴᠦᠯᠡᠴᠡ ᠪᠠᠨ ᠨᠡᠮᠡᠭᠳᠡᠭᠦᠯᠵᠦ᠂ ᠵᠠᠭᠤᠷᠤᠯᠳᠤᠨ ᠵᠠᠭᠠᠯᠳᠤᠬᠤ ᠪᠠ ᠬᠡᠪ ᠤᠨ ᠪᠤᠰᠤ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠪᠦᠬᠦ ᠬᠦᠴᠦᠨ ᠢᠶᠠᠷ ᠠᠷᠢᠯᠭᠠᠨ᠎ᠠ  ᠃ 《 ᠭᠡᠭᠡᠨ ᠰᠠᠷᠠᠭᠤᠯ ᠢᠨᠵᠧᠨᠧᠷᠢᠩ 》 ᠪᠠ 《 ᠨᠢᠭᠡ ᠲᠣᠰᠬᠤᠨ ᠨᠢᠭᠡ ᠲᠤᠰᠠᠯᠠᠬᠤ ᠴᠠᠭᠳᠠᠭ᠎ᠠ 》 ᠶᠢᠨ ᠦᠢᠯᠡᠳᠦᠯ ᠢ ᠰᠠᠶᠢᠲᠤᠷ  ᠪᠠᠳᠠᠷᠠᠭᠤᠯᠵᠤ᠂ ᠡᠯ᠎ᠡ ᠲᠥᠷᠥᠯ  ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠦᠵᠡᠯ ᠤᠬᠠᠮᠰᠠᠷ ᠤᠨ ᠬᠡᠯᠪᠡᠷᠢ᠂ ᠮᠥᠩᠭᠦᠨ ᠭᠦᠢᠯᠭᠡᠭᠡᠨ ᠵᠡᠷᠭᠡ ᠡᠯ᠎ᠡ ᠬᠦᠷᠢᠶᠡᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠬᠠᠮᠠᠭᠠᠯᠠᠨ᠎ᠠ  ᠃  
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号