ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠵᠥᠪᠯᠡᠯ 2024 ᠣᠨ ᠤ ᠠᠩᠬᠠᠳᠤᠭᠠᠷ ᠤᠳᠠᠭᠠᠨ ᠤ   ᠬᠤᠷᠠᠯᠳᠤᠭᠠᠨ ᠬᠢᠪᠡ
ᠨᠡᠶᠢᠲᠡᠯᠡᠭᠰᠡᠨ ᠴᠠᠭ᠄
2024/1/9
     1 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠥᠩᠬᠡ 2024 ᠣᠨ ᠤ ᠠᠩᠬᠠᠳᠤᠭᠠᠷ ᠤᠳᠠᠭᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ  ᠬᠢᠨᠠᠨ ᠬᠠᠮᠢᠶᠠᠷᠤᠯᠲᠠ ᠶᠢᠨ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠭᠤᠸ ᠶᠦᠩ ᠦ᠋᠂ ᠸᠠᠩ ᠵᠢᠶᠦ᠋ᠨ ᠵᠢᠶᠦ᠋ᠨ᠂ ᠵᠠᠩ ᠵᠢᠦ ᠫᠦᠸᠧ᠂ ᠴᠠᠭᠠᠨᠪᠠᠭᠠᠲᠤᠷ᠂ ᠳ᠋ᠠᠢ ᠢᠦᠢ ᠬᠤᠸᠠ᠂  ᠳᠤᠪᠳᠤᠨᠰᠡᠩᠭᠡ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠠᠢ᠃      ᠬᠤᠷᠠᠯ ᠠᠴᠠ ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ᠬᠠᠷᠢᠶᠠᠨ ᠳᠠᠬᠢ ᠡᠯ᠎ᠡ ᠠᠵᠤ ᠠᠬᠤᠶᠢᠯᠠᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠭᠤᠣᠯᠳᠠᠯᠭ᠎ᠠ ᠲᠠᠢ ᠲᠥᠷᠥᠯ ᠵᠦᠢᠯ ᠢ ᠵᠥᠪᠯᠡᠨ ᠲᠣᠭᠲᠠᠭᠠᠵᠤ᠂ 2024 ᠣᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ   ᠠᠴᠠ ᠱᠠᠭᠠᠷᠳᠠᠭᠰᠠᠨ ᠨᠢ᠂ ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ ᠤᠨ ᠬᠠᠷᠢᠶᠠᠨ ᠳᠠᠬᠢ ᠡᠯ᠎ᠡ ᠠᠵᠤ ᠠᠬᠤᠶᠢᠯᠠᠯ ᠨᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠯᠪᠠᠨ ᠭᠡᠷ ᠨᠢ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠠᠢ  ᠬᠠᠷᠢᠯᠴᠠᠭ᠎ᠠ ᠪᠠᠨ ᠴᠢᠩᠭᠠᠳᠬᠠᠵᠤ᠂  ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠦᠨᠡᠨᠬᠦ  ᠴᠢᠩᠭᠠᠳᠬᠠᠨ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ ᠭᠡᠪᠡ  ᠃     ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ  ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠤᠰ ᠤᠨ ᠦᠮᠴᠢᠯᠡᠯᠳᠥ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠣᠨᠴᠠᠭᠠᠶᠢᠯᠠᠨ ᠤᠯᠤᠰ ᠤᠨ  ᠦᠮᠴᠢᠯᠡᠯᠳᠥ ᠤᠢ ᠰᠢᠭᠤᠢ ᠶᠢᠨ ᠲᠠᠯᠠᠪᠠᠢ ᠵᠢᠴᠢ ᠤᠤᠯ ᠤᠨ ᠪᠠᠶᠢᠭᠰᠠᠨ ᠤᠯᠤᠰ ᠤᠨ ᠡᠵᠡᠩᠨᠡᠯᠲᠡ ᠶᠢᠨ ᠮᠠᠯ ᠠᠵᠤ ᠠᠬᠤᠢ ᠲᠠᠷᠢᠶᠠᠯᠠᠩ ᠤᠨ ᠲᠠᠯᠠᠪᠠᠢ ᠶᠢᠨ ᠤᠯᠤᠰ ᠤᠨ  ᠦᠮᠴᠢᠯᠡᠯᠳᠥ ᠡᠳ᠋ ᠬᠥᠷᠥᠩᠭᠡ ᠶᠢ ᠪᠠᠶᠢᠴᠠᠭᠠᠨ ᠲᠣᠳᠣᠷᠬᠠᠶᠢᠯᠠᠵᠤ᠂ ᠡᠳ᠋ ᠬᠥᠷᠥᠩᠭᠡ ᠶᠢᠨ ᠡᠬᠡ ᠳᠠᠩᠰᠠ ᠶᠢ ᠪᠠᠶᠢᠭᠤᠯᠵᠤ᠂ ᠬᠢᠨᠠᠨ ᠬᠠᠮᠢᠶᠠᠷᠬᠤ ᠳᠦᠷᠢᠮ ᠤᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠯᠤᠰ ᠤᠨ  ᠦᠮᠴᠢᠯᠡᠯᠳᠥ ᠡᠳ᠋ ᠬᠥᠷᠥᠩᠭᠡ ᠶᠢᠨ  ᠭᠡᠭᠡᠭᠳᠡᠬᠦ ᠶᠢ ᠴᠢᠩᠭ᠎ᠠ ᠰᠡᠷᠭᠡᠶᠢᠯᠡᠵᠦ  ᠤᠯᠤᠰ ᠤᠨ ᠦᠮᠴᠢᠯᠡᠯᠳᠥ ᠡᠳ᠋ ᠬᠥᠷᠥᠩᠭᠡ ᠶᠢᠨ ᠠᠮᠤᠷ ᠲᠦᠪᠰᠢᠨ ᠲᠣᠭᠲᠠᠭᠤᠨ  ᠪᠠᠶᠢᠬᠤ  ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤᠨ ᠤ ᠡᠯ᠎ᠡ ᠤᠯᠤᠰ ᠤᠨ ᠦᠮᠴᠢᠯᠡᠯᠳᠥ ᠠᠵᠤ ᠠᠬᠤᠶᠢᠯᠠᠯ  ᠨᠢ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠣᠲᠣ ᠦᠶ᠎ᠡ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠳᠦᠷᠢᠮ ᠪᠠ ᠺᠣᠮᠫᠠᠨᠢ ᠶᠢᠨ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠶᠢ ᠭᠦᠢᠴᠡᠳ ᠠᠰᠢᠭᠯᠠᠨ᠂ ᠬᠤᠰᠢᠭᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠡᠶᠢᠲᠡᠯᠡᠭᠰᠡᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠲᠤᠬᠠᠶᠢᠯᠠᠭᠰᠠᠨ ᠠᠵᠢᠯ ᠢᠶᠠᠨ ᠥᠷᠨᠢᠭᠦᠯᠵᠦ᠂ ᠠᠯᠢ ᠲᠦᠷᠭᠡᠨ ᠢᠶᠠᠷ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ  ᠢ ᠨᠡᠮᠡᠭᠳᠡᠭᠦᠯᠬᠦ ᠶᠢ ᠪᠠᠲᠤᠯᠠᠨ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ  ᠦᠵᠡᠭᠦᠯᠬᠦ ᠬᠡᠷᠡᠭᠳᠡᠢ ᠭᠡᠰᠡᠨ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号