ᠥᠪᠥᠷ ᠮᠣᠩᠭᠤᠯ ᠤᠨ ᠨᠠᠷᠠᠰᠤᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠄ ᠳᠣᠯᠣᠭᠠᠨ ᠲᠦᠮᠡᠨ ᠮᠦ ᠪᠠᠲᠤᠴᠠᠭᠠᠨ ᠤ ᠣᠶ ᠶᠢᠨ ᠦᠷ᠎ᠡ ᠲᠡᠭᠦᠬᠦ ᠤᠯᠠᠷᠢᠯ ᠳᠤ ᠣᠷᠣᠪᠠ
ᠨᠡᠶᠢᠲᠡᠯᠡᠭᠰᠡᠨ ᠴᠠᠭ᠄
2024/10/14
       ᠨᠠᠮᠤᠷ ᠤᠨ ᠤᠯᠠᠷᠢᠯ ᠳᠤ᠂ ᠳᠡᠯᠡᠬᠡᠢ ᠳ᠋ᠠᠬᠢᠨ ᠤ ᠣᠶᠢᠵᠢᠭᠤᠯᠤᠯᠲᠠ ᠶᠢᠨ ᠲᠠᠯᠠᠪᠠᠢ ᠪᠠᠷ ᠬᠠᠮᠤᠭ ᠤᠨ ᠶᠡᠭᠡ ᠥᠪᠥᠷ ᠮᠣᠩᠭᠤᠯ ᠤᠨ ᠨᠠᠷᠠᠰᠤᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠳᠣᠯᠣᠭᠠᠨ ᠲᠦᠮᠡᠨ ᠮᠦ ᠪᠠᠲᠤᠴᠠᠭᠠᠨ ᠤ ᠨᠠᠪᠴᠢ ᠨᠢ ᠶᠠᠭ ᠤᠯᠠᠭᠠᠨ ᠪᠣᠯᠵᠤ᠂ ᠬᠤᠷᠴᠢᠨ ᠤ ᠡᠯᠡᠰᠦᠨ ᠭᠠᠵᠠᠷ ᠲᠤ ᠲᠠᠷᠬᠠᠵᠤ ᠪᠠᠢᠨ᠎ᠠ᠃ ᠵᠢᠯ ᠪᠦᠷᠢ ᠶᠢᠨ ᠠᠷᠪᠠᠨ ᠰᠠᠷ᠎ᠠ ᠳᠤ ᠲᠡᠭᠦᠨ ᠤ ᠦᠷ᠎ᠡ ᠴᠤ ᠲᠡᠭᠦᠬᠦ ᠤᠯᠠᠷᠢᠯ ᠳᠤ ᠣᠷᠣᠵᠤ᠂ ᠵᠢᠱᠢᠯᠲᠡ ᠪᠠᠷ 1 ᠲᠦᠮᠡᠨ ᠵᠢᠩ ᠠᠴᠠ ᠳᠡᠭᠡᠭᠰᠢ ᠦᠷ᠎ᠡ ᠭᠠᠷᠤᠨ᠎ᠠ᠃       ᠡᠨᠡ ᠬᠡᠳᠦᠨ ᠡᠳᠦᠷ᠂ ᠯᠢᠶᠣᠤᠨᠢᠩ ᠮᠣᠵᠢ ᠶᠢᠨ ᠹᠦᠱᠢᠨ ᠬᠤᠲᠠ ᠶᠢᠨ ᠣᠢ ᠰᠢᠭᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠥᠪ ᠠᠴᠠ ᠢᠷᠡᠭᠰᠡᠨ ᠣᠢ ᠰᠢᠭᠤᠢ ᠶᠢᠨ ᠮᠡᠷᠭᠡᠵᠢᠯ ᠤᠨ ᠠᠵᠢᠯᠲᠠᠳ ᠣᠳᠣ ᠶᠠᠭ ᠪᠠᠲᠤᠴᠠᠭᠠᠨ ᠮᠣᠳᠣᠨ ᠤ ᠲᠥᠷᠥᠯ ᠵᠦᠢᠯ ᠢ ᠴᠤᠭᠯᠠᠭᠤᠯᠵᠤ᠂ ᠤᠯᠤᠰ ᠤᠨ ᠦᠷ᠎ᠡ ᠡᠳ᠋ ᠤᠨ ᠡᠬᠢ ᠪᠠᠶᠠᠯᠢᠭ ᠤᠨ ᠥᠭᠡᠷ᠎ᠡ ᠭᠠᠵᠠᠷ ᠤᠨ ᠭᠧᠨ ᠤ ᠬᠠᠮᠠᠭᠠᠯᠠᠯᠲᠠ ᠶᠢᠨ ᠰᠢᠯᠢᠳᠡᠭ ᠦᠯᠢᠭᠡᠷ ᠳᠡᠪᠲᠡᠷ ᠴᠤᠭᠯᠠᠭᠤᠯᠵᠤ ᠪᠠᠢᠨ᠎ᠠ᠃      ᠲᠤᠰ ᠪᠠᠲᠦᠴᠠᠭᠠᠨ ᠪᠣᠯ ᠮᠠᠨ ᠤ ᠤᠯᠤᠰ ᠲᠤ ᠣᠨᠴᠠ ᠪᠠᠶᠢᠳᠠᠭ ᠮᠣᠳᠣᠯᠢᠭ ᠲᠣᠰᠣᠯᠢᠭ ᠮᠣᠳᠣᠨ ᠤ ᠲᠥᠷᠥᠯ ᠪᠣᠯᠤᠨ᠎ᠠ᠂ ᠪᠠᠲᠦᠴᠠᠭᠠᠨ ᠮᠣᠳᠣᠨ ᠤ ᠲᠥᠷᠥᠯ ᠳᠤ ᠬᠠᠷᠢᠶᠠᠯᠠᠭᠳᠠᠵᠤ᠂ ᠥᠪᠥᠷ ᠮᠣᠩᠭᠤᠯ ᠤᠨ ᠨᠠᠷᠠᠰᠤᠲᠤ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠪᠠᠶᠢᠭᠠᠯᠢᠯᠢᠭ ᠪᠠᠲᠤᠴᠠᠭᠠᠨ ᠤ ᠤᠢ 7 ᠲᠦᠮᠡ ᠰᠢᠬᠠᠮ ᠰᠠᠭᠤᠷᠢ ᠪᠠᠶᠢᠵᠤ᠂ ᠵᠣᠩᠬᠢᠯᠠᠬᠤ ᠲᠣᠭᠠᠨ ᠤ ᠮᠣᠳᠣᠨ ᠤ ᠨᠠᠰᠤ ᠵᠢᠯ ᠨᠢ ᠴᠥᠮ 100 ᠵᠢᠯ ᠠᠴᠠ ᠳᠡᠭᠡᠭᠰᠢ ᠪᠠᠶᠢᠵᠤ᠂ ᠲᠡᠭᠦᠨ ᠤ ᠳᠣᠲᠣᠷᠠᠬᠢ ᠨᠢᠭᠡ ᠰᠠᠭᠤᠷᠢ ᠮᠣᠳᠤ ᠨᠢ 600 ᠭᠠᠷᠤᠢ ᠵᠢᠯ ᠪᠣᠯᠵᠤ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号