ᠮᠥᠩᠬᠡ ᠬᠠᠰ ᠯᠤᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/14
       10 ᠰᠠᠷ᠎ᠠ ᠶᠢᠨ 11 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠮᠥᠩᠬᠡ ᠬᠠᠰ ᠯᠤᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠨ ᠰᠤᠳᠤᠯᠵᠤ᠂ ᠠᠵᠤ ᠠᠬᠤᠶᠢᠯᠠᠯ ᠨᠢ ᠠᠵᠠ ᠲᠣᠬᠢᠶᠠᠯ ᠢ ᠠᠮᠵᠢᠨ᠂ ᠰᠢᠨ᠎ᠡ ᠶᠢ ᠡᠭᠦᠳᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠣᠷᠢᠭᠵᠢᠭᠤᠯᠪᠠ᠃        ᠮᠥᠩᠬᠡ ᠤᠷᠢᠳ ᠬᠤᠵᠢᠳ ᠠᠨ ᠴᠢ ᠺᠣᠮᠫᠠᠨᠢ᠂ ᠯᠢᠩ ᡁᠢ ᠺᠣᠮᠫᠠᠨᠢ᠂ ᠱᠤᠸᠠᠩ ᠶᠤᠸᠠᠨ ᠺᠣᠮᠫᠠᠨᠢ᠂ ᠸᠧᠢ ᠱᠧᠩ ᠺᠣᠮᠫᠠᠨᠢ ᠵᠡᠷᠭᠡ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠪᠤᠯᠤᠨ ᠠᠵᠢᠯ ᠤᠯᠭᠤᠯᠲᠠ ᠵᠡᠷᠭᠡ ᠪᠠᠶᠢᠳᠠᠯ ᠢ ᠨᠠᠷᠢᠯᠢᠭ ᠤᠶᠢᠯᠠᠭᠠᠭᠰᠠᠨ ᠤ ᠬᠠᠮᠲᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠰᠣᠨᠣᠰᠴᠠᠢ᠃        ᠮᠦᠩᠬᠡ ᠴᠢᠩᠭᠠᠳᠬᠠᠭᠰᠠᠨ ᠨᠢ᠂ ᠬᠦᠷᠢᠶᠡᠯᠡᠩ ᠲᠣᠭᠤᠷᠢᠭ ᠤᠨ ᠡᠯ᠎ᠡ ᠲᠦᠷᠦᠯ ᠤᠨ ᠠᠵᠤ ᠠᠬᠤᠶᠢᠯᠠᠯ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠤᠨ᠂ ᠮᠡᠷᠭᠡᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠦᠷ᠎ᠡ ᠠᠰᠢᠭ ᠢᠶᠠᠨ ᠦᠷᠭᠡᠳᠭᠡᠨ᠂ ᠠᠵᠤ ᠠᠬᠤᠶᠢᠯᠠᠯ ᠤᠨ ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠴᠠᠭ ᠢᠮᠠᠭᠲᠠ ᠴᠢᠩᠭᠠᠳᠬᠠᠵᠤ᠂ ᠠᠳᠡᠯ ᠤᠨ ᠭᠡᠮ ᠰᠣᠭᠤᠭ ᠢ ᠦᠨᠳᠦᠰᠦᠨ ᠠᠴᠠ ᠨᠢ ᠠᠷᠢᠯᠭᠠᠨ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠂ ᠡᠯ᠎ᠡ ᠲᠥᠷᠥᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠢ ᠰᠠᠨᠠᠭ᠎ᠠ ᠠᠮᠤᠷ ᠪᠡᠯᠡ ᠤᠷᠤᠭᠤᠯᠤᠨ ᠡᠵᠡᠩᠨᠡᠭᠦᠯᠬᠦ ᠬᠡᠷᠡᠭᠲᠡᠢ ᠭᠡᠵᠡᠢ᠃        ᠵᠦ ᠴᠦᠨ ᠶᠦᠩ᠂ ᠴᠧᠨ ᠹᠸᠢ ᠬᠤ᠋ ᠪᠠᠷ᠎ᠠ ᠪᠤᠯᠵᠤ ᠪᠠᠶᠢᠴᠠᠭᠠᠵᠠᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号