ᠬᠤᠲᠠ᠂ ᠬᠤᠰᠢᠭᠤ ᠬᠤᠶᠠᠷ ᠱᠠᠲᠤᠨ ᠤ ᠤᠯᠤᠰ ᠲᠦᠷᠦ ᠶᠢᠨ ᠵᠦᠪᠯᠡᠯᠭᠡᠨ ︽ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠵᠤ᠂ ᠬᠥᠳᠡᠭᠡ ᠲᠣᠰᠬᠤᠨ ᠤ ᠬᠦᠭᠵᠢᠯᠲᠡ ᠳᠤ ᠬᠦᠴᠦᠨ ᠨᠡᠮᠡᠷᠢᠯᠡᠶ᠎ᠡ︾ ᠭᠡᠬᠦ ᠭᠤᠤᠯ ᠰᠡᠳᠦᠪᠲᠦ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/14
      10 ᠰᠠᠷ᠎ᠠ ᠶᠢᠨ 10 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠯᠢ ᠧᠨ ᠨᠠᠷ ᠮᠠᠨ ᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠲᠠᠢ ︽ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ ︾ ᠭᠡᠬᠦ ᠭᠤᠤᠯ ᠰᠡᠳᠦᠪᠲᠦ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ᠃ ᠬᠥᠭᠵᠢᠯᠲᠦ᠂ ᠳᠤᠪᠳᠤᠨᠰᠡᠩᠭᠡ᠂ ᠶᠠᠩ ᠪᠣᠣ ᠰᠧᠨ ᠨᠠᠷ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠤᠤᠯ ᠰᠡᠳᠦᠪᠲᠦ ᠤᠷᠠᠨ ᠪᠢᠴᠢᠯᠭᠡ᠂ ᠬᠡᠷᠡᠯ ᠵᠢᠷᠤᠭ ᠤᠨ ᠦᠵᠡᠰᠬᠦᠯᠡᠩ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠣᠷᠳᠣᠨ᠂ ᠪᠣᠷᠣᠬᠤᠲᠠ ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ᠂ ᠮᠡᠯᠮᠡᠢ ᠺᠣᠮᠫᠠᠨᠢ᠂ ᠮᠢᠩ ᠶᠠᠩ ᠺᠣᠮᠫᠠᠨᠢ ᠵᠡᠷᠭᠡ ᠭᠠᠵᠠᠷ ᠤᠳ ᠳᠤ ᠬᠦᠷᠴᠦ ᠰᠢᠨᠵᠢᠯᠡᠨ ᠪᠠᠶᠢᠴᠠᠭᠠᠪᠠ᠃      ᠰᠠᠭᠤᠳᠠᠯ ᠤᠨ ᠬᠤᠷᠠᠯ ᠳᠡᠭᠡᠷ᠎ᠡ᠂ ᠬᠤᠰᠢᠭᠤᠨ ᠳᠡᠳ᠋ ᠳᠠᠷᠤᠭ᠎ᠠ ᠳᠤᠪᠳᠤᠨᠰᠡᠩᠭᠡ ᠠᠴᠠ ᠪᠥᠬᠦ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠠᠵᠢᠯ ᠤᠨ ᠬᠠᠮᠢᠶ᠎ᠠ ᠪᠥᠬᠦᠶ ᠪᠠᠶᠢᠳᠠᠯ ᠢ ᠮᠡᠳᠡᠭᠳᠡᠪᠡ᠃ ᠬᠤᠲᠠ ᠬᠤᠰᠢᠭᠤ ᠬᠤᠶᠠᠷ ᠱᠠᠲᠤᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠠᠨᠠᠯ ᠢᠶᠠᠨ ᠭᠦᠢᠴᠡᠳ ᠰᠤᠯᠢᠯᠴᠠᠭᠰᠠᠨ ᠤ ᠬᠠᠮᠳᠤ ᠲᠠᠷᠠᠭᠠᠴᠢ ᠶᠢᠨ ᠠᠯᠬᠤᠮ ᠤᠨ ᠠᠵᠢᠯ ᠢᠶᠠᠨ ᠬᠡᠷᠬᠢᠨ ᠦᠷᠨᠢᠭᠦᠯᠬᠦ ᠲᠤᠬᠠᠢ ᠲᠦᠰᠦᠯ ᠲᠦᠯᠥᠪᠯᠡᠭᠡ ᠪᠠᠨ ᠳᠤᠷᠠᠳᠤᠭᠰᠠᠨ ᠪᠠᠶᠢᠨ᠎ᠠ᠃ᠸᠠᠩ ᠯᠢ ᠧᠨ ᠶᠠᠷᠢᠶᠠᠨ ᠳᠠᠭᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ 2019 ᠣᠨ ᠳᠤ ᠤᠯᠠᠭᠠᠨᠬᠠᠳᠠ ᠶᠢᠨ ᠮᠦᠽᠧᠶ ᠳᠤ ᠦᠨᠳᠦᠰᠦᠲᠡᠨ ᠤ ᠡᠷᠲᠡᠨ ᠤ ᠰᠣᠩᠭᠤᠳᠠᠭ ᠲᠤᠤᠯᠢ ︽ᠭᠡᠰᠡᠷ︾ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢᠨ ᠲᠥᠯᠥᠭᠡᠯᠡᠭᠴᠢ ᠲᠠᠢ ᠠᠭᠤᠯᠵᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠵᠤ᠂ ᠰᠢᠯᠢᠳᠡᠭ ᠤᠯᠠᠮᠵᠢᠯᠠᠯᠲᠤ ᠰᠣᠶᠣᠯ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠡᠢ᠃      ᠸᠠᠩ ᠯᠢ ᠧᠨ ᠴᠢᠬᠤᠯᠠᠴᠢᠯᠠᠭᠰᠠᠨ ᠨᠢ᠄ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠠᠵᠢᠯ ᠢ ᠨᠢᠭᠡᠳᠦᠯᠲᠡᠶ ᠲᠦᠯᠦᠪᠵᠢᠭᠦᠯᠬᠦ ᠬᠡᠷᠡᠭᠲᠡᠶ᠃ ᠤᠯᠠᠮᠵᠢᠯᠠᠬᠤ ᠪᠠᠷ ᠬᠠᠮᠠᠭᠠᠯᠠᠯᠲᠠ ᠶᠢ ᠠᠬᠢᠭᠤᠯᠬᠤ᠂ ᠤᠬᠠᠭᠤᠯᠭ᠎ᠠ ᠪᠠᠷ ᠬᠠᠮᠠᠭᠠᠯᠠᠯᠲᠠ ᠶᠢ ᠠᠬᠢᠭᠤᠯᠬᠤ ᠠᠵᠢᠯ ᠢ ᠰᠠᠶᠢᠲᠤᠷ ᠬᠢᠵᠦ᠂ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶ᠎ᠡ ᠪᠤᠯᠤᠨ ᠦᠵᠡᠮᠵᠢ ᠶᠢᠨ ᠣᠷᠣᠨ ᠳᠤ ᠤᠷᠤᠭᠤᠯᠤᠨ᠂ ᠪᠣᠳᠠᠰ ᠤᠨ ᠪᠤᠰᠤ ᠰᠣᠶᠣᠯ ᠢ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠳᠤ ᠠᠭᠤᠰᠤᠯᠴᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃       ᠬᠥᠭᠵᠢᠯᠲᠦ ᠶᠠᠷᠢᠶᠠᠨ ᠳᠠᠭᠠᠨ ᠣᠩᠨᠢᠭᠤᠳ ᠬᠤᠰᠢᠭᠤ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠣᠩᠨᠢᠭᠤᠳ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠠᠭᠤᠰᠤᠯᠴᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠤ ᠪᠦᠲᠦᠮᠵᠢᠲᠡᠶ ᠬᠦᠴᠦᠨ ᠨᠡᠮᠡᠷᠢᠯᠡᠨ᠎ᠡ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号