| | 10 ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠠᠨᠠᠭᠠᠬᠤ ᠤᠬᠠᠭᠠᠨ ᠤ ᠶᠡᠭᠡ | ᠰᠤᠷᠭᠠᠭᠤᠯᠢ ᠶᠢᠨ ᠤᠤᠯ ᠤᠨ ᠨᠠᠰᠤᠲᠠᠶᠢᠴᠤᠳ ᠤᠨ ᠡᠪᠡᠳᠴᠢᠨ ᠢ ᠰᠡᠷᠭᠡᠶᠢᠯᠡᠨ ᠵᠠᠰᠠᠬᠤ ᠰᠤᠳᠤᠯᠭᠠᠨ ᠤ ᠲᠥᠪ ᠤᠨ | ᠡᠷᠬᠢᠯᠡᠭᠴᠢ ᠶᠢᠨ ᠯᠢ ᡁᠢ ᠫᠷᠤᠹᠧᠰᠰᠤᠷ 4 ᠨᠡᠷᠡᠰ 103 ᠳᠠᠶᠢᠨ ᠤ ᠪᠡᠯᠡᠳᠬᠡᠯ ᠤᠨ ᠡᠮᠴᠢᠯᠡᠭᠡᠨ ᠤ ᠠᠵᠢᠯᠲᠠᠳ ᠤᠨ | ᠦᠷ᠎ᠡ ᠬᠡᠤᠬᠡᠳ ᠤᠨ ᠲᠥᠯᠥᠭᠡᠯᠡᠭᠴᠢ ᠶᠢ ᠳᠠᠭᠠᠭᠤᠯᠤᠨ ᠬᠤᠰᠢᠭᠤᠨ ᠤ ᠡᠮᠨᠡᠯᠭᠡ ᠶᠢᠨ ᠬᠤᠷᠢᠶᠠᠨ ᠳᠤ ᠢᠷᠡᠵᠦ | ᠰᠤᠷᠪᠤᠯᠵᠢᠯᠠᠬᠤ ᠠᠵᠢᠯᠯᠠᠭ᠎ᠠ ᠦᠷᠨᠢᠭᠦᠯᠵᠡᠢ᠃ | ᠶᠢᠨ ᠯᠢ ᡁᠢ ᠨᠡᠷ 103 ᠳᠠᠶᠢᠨ ᠤ ᠪᠡᠯᠡᠳᠬᠡᠯ ᠤᠨ ᠡᠮᠴᠢᠯᠡᠭᠡᠨ ᠤ ᠠᠩᠭᠢ ᠶᠢᠨ ᠲᠡᠦᠬᠡ ᠶᠢᠨ | ᠳᠤᠷᠠᠰᠬᠠᠯ ᠤᠨ ᠬᠥᠰᠢᠶ᠎ᠡ ᠶᠢ ᠪᠠᠷᠠᠳᠠᠭᠰᠠᠨ ᠤ ᠬᠠᠮᠲᠤ ᠳᠤᠮᠳᠠᠳᠤ ᠤᠯᠤᠰ ᠤᠨ ᠠᠨᠠᠭᠠᠬᠤ ᠤᠬᠠᠭᠠᠨ ᠤ ᠶᠡᠭᠡ | ᠰᠤᠷᠭᠠᠭᠤᠯᠢ ᠪᠣᠯᠤᠨ ᠣᠩᠨᠢᠭᠤᠳ ᠬᠤᠰᠢᠭᠤᠨ ᠤ ᠡᠮᠨᠡᠯᠭᠡ ᠶᠢᠨ ᠬᠤᠷᠢᠶᠠᠨ ᠤ ᠬᠠᠮᠲᠤᠷᠠᠯᠴᠠᠭᠠᠨ ᠤ ᠲᠠᠪᠴᠠᠩ ᠢ | ᠪᠠᠶᠢᠭᠤᠯᠵᠤ᠂ ᠤᠩᠨᠢᠭᠤᠳ ᠬᠤᠰᠢᠭᠤᠨ ᠤ ᠡᠮᠨᠡᠯᠭᠡ ᠶᠢᠨ ᠬᠤᠷᠢᠶ᠎ᠠ ᠳᠤ ᠮᠡᠷᠭᠡᠵᠢᠯ ᠤᠨ ᠳᠡᠮᠵᠢᠯᠭᠡ ᠬᠠᠩᠭᠠᠨ᠂ | ᠡᠮᠴᠢᠯᠡᠭᠡᠨ ᠤ ᠰᠢᠨ᠎ᠡ ᠮᠡᠷᠭᠡᠵᠢᠯ᠂ ᠰᠢᠨ᠎ᠡ ᠲᠥᠷᠥᠯ ᠵᠦᠢᠯ ᠤᠨ ᠬᠦᠭᠵᠢᠯᠲᠡ ᠶᠢ ᠠᠬᠢᠭᠤᠯᠤᠨ᠎ᠠ ᠭᠡᠵᠦ ᠢᠯᠡᠷᠬᠡᠶᠢᠯᠡᠪᠡ | ᠃ | 103 ᠳᠠᠶᠢᠨ ᠤ ᠪᠡᠯᠡᠳᠬᠡᠯ ᠤᠨ ᠡᠮᠴᠢᠯᠡᠭᠡᠨ ᠤ ᠠᠩᠭᠢ ᠪᠣᠯ 1969 ᠣᠨ ᠳᠤ ᠳᠤᠮᠳᠠᠳᠤ ᠤᠯᠤᠰ ᠤᠨ | ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠨᠢᠭᠡᠳᠦᠭᠡᠷ ᠬᠤᠷᠢᠶ᠎ᠠ᠂ ᠭᠤᠷᠪᠠᠳᠤᠭᠠᠷ ᠬᠤᠷᠢᠶ᠎ᠠ ᠠᠴᠠ | ᠲᠣᠮᠢᠯᠠᠭᠰᠠᠨ 178 ᠬᠥᠮᠦᠨ ᠢᠶᠠᠷ ᠪᠦᠷᠢᠯᠳᠦᠭᠰᠡᠨ ᠡᠮᠴᠢᠯᠡᠭᠡᠨ ᠤ ᠠᠩᠭᠢ ᠪᠣᠯᠤᠨ᠎ᠠ᠂ ᠲᠤᠰ ᠡᠮᠴᠢᠯᠡᠭᠡᠨ ᠤ | ᠠᠩᠭᠢ ᠨᠢ 1969 ᠣᠨ ᠤ 12 ᠰᠠᠷ᠎ᠠ ᠠᠴᠠ 1980 ᠣᠨ ᠤ 12 ᠰᠠᠷ᠎ᠠ ᠪᠣᠯᠲᠠᠯ᠎ᠠ ᠮᠠᠨ ᠤ ᠬᠤᠰᠢᠭᠤᠨ ᠳᠤ | ᠠᠵᠢᠯᠯᠠᠵᠤ ᠪᠠᠶᠢᠭᠰᠠᠨ ᠠᠷᠪᠠ ᠭᠠᠷᠤᠶ ᠵᠢᠯ ᠤᠨ ᠬᠤᠭᠤᠴᠠᠭᠠᠨ ᠳᠤ᠂ ︽ᠡᠮ ᠡᠮᠨᠡᠯᠭᠡ ᠡᠷᠡᠭᠦᠯ ᠬᠠᠮᠠᠭᠠᠯᠠᠯ ᠤᠨ | ᠠᠵᠢᠯ ᠤᠨ ᠭᠤᠣᠯᠳᠠᠯᠭ᠎ᠠ ᠶᠢ ᠬᠥᠳᠡᠭᠡ ᠲᠣᠰᠬᠤᠨ ᠳᠤ ᠲᠠᠯᠪᠢᠬᠤ︾ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ | ᠢᠮᠠᠭᠲᠠ ᠪᠠᠷᠢᠮᠲᠠᠯᠠᠵᠤ᠂ ᠬᠥᠮᠦᠯᠢᠭ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠲᠤᠬᠠᠢ ᠶᠢᠨ ᠦᠶ᠎ᠡ ᠶᠢᠨ | ᠬᠥᠳᠡᠭᠡ ᠲᠣᠰᠬᠤᠨ ᠤ ᠡᠮ ᠡᠮᠨᠡᠯᠭᠡ ᠳᠤᠲᠠᠭᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠠᠷᠠᠳ ᠣᠯᠠᠨ ᠤ | ᠠᠮᠢ ᠨᠠᠰᠤ ᠡᠷᠡᠭᠦᠯ ᠮᠡᠨᠳᠦ ᠶᠢ ᠦᠨᠡᠨ ᠬᠦ ᠪᠠᠲᠤᠯᠠᠭᠰᠠᠨ ᠪᠠᠶᠢᠨ᠎ᠠ᠃ |