ᠪᠣᠷᠣᠬᠤᠲᠠ ᠨᠢᠭᠡᠳᠦᠭᠡᠷ ᠨᠣᠮᠧᠷᠲᠤ ᠰᠢᠷᠢᠰ ᠪᠦᠲᠦᠭᠡᠭᠳᠡᠬᠦᠨ ᠢ ᠲᠠᠨᠢᠯᠴᠠᠭᠤᠯᠬᠤ ᠬᠤᠷᠠᠯ ᠴᠢᠤᠸᠠᠨ ᠨᠢᠩ ᠪᠠᠭᠤᠳᠠᠯ ᠳᠤ ᠶᠠᠪᠤᠭᠳᠠᠪᠠ
ᠨᠡᠶᠢᠲᠡᠯᠡᠭᠰᠡᠨ ᠴᠠᠭ᠄
2024/10/17
       10 ᠰᠠᠷ᠎ᠠ ᠶᠢᠨ 11 ᠤ ᠡᠳᠦᠷ᠂ ᠤᠯᠠᠭᠠᠨᠬᠠᠳᠠ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ ︽ᠪᠣᠷᠣᠬᠤᠲᠠ ᠶᠢᠨ ᠰᠣᠶᠣᠯ ᠵᠢᠭᠤᠯᠴᠢᠯᠠᠯ ᠤᠨ ᠰᠢᠨ᠎ᠡ ᠨᠠᠷᠠᠲᠤ ᠲᠡᠮᠳᠡᠭᠲᠦ︾ ᠰᠢᠷᠢᠰ ᠪᠦᠲᠦᠭᠡᠭᠳᠡᠭᠦᠨ ᠢ ᠲᠠᠨᠢᠯᠴᠠᠭᠤᠯᠬᠤ ᠬᠤᠷᠠᠯ ᠴᠢᠤᠸᠠᠨ ᠨᠢᠩ ᠪᠠᠭᠤᠳᠠᠯ ᠳᠤ ᠶᠠᠪᠤᠭᠳᠠᠵᠤ᠂ ᠬᠠᠰ ᠯᠤᠤ ᠨᠡᠷᠡᠮᠵᠢᠲᠦ ᠠᠷᠢᠬᠢ᠂ ᠪᠣᠷᠣᠬᠤᠲᠠ ᠶᠢᠨ ᠸᠠᠩ ᠨᠡᠷᠡᠮᠵᠢᠲᠦ ᠠᠷᠢᠬᠢ ᠵᠡᠷᠭᠡ 10 ᠵᠦᠢᠯ ᠤᠨ ᠪᠦᠲᠦᠭᠡᠭᠳᠡᠭᠦᠨ ᠲᠠᠨᠢᠯᠴᠠᠭᠤᠯᠭ᠎ᠠ ᠳᠤ ᠲᠤᠳᠤᠷᠠᠵᠠᠢ᠂ ᠭᠧᠩ ᠸᠧᠶ ᠳ᠋ᠦᠩ᠂ ᠯᠤᠸᠠᠨ ᠱᠸᠦ ᠡᠤ᠂ ᠳᠤᠪᠳᠤᠨᠰᠡᠩᠭᠡ᠂ ᠶᠠᠩ ᠪᠦᠦ ᠰᠧᠨ ᠵᠡᠷᠭᠡ ᠤᠳᠤᠷᠢᠳᠤᠯᠭ᠎ᠠ ᠲᠠᠨᠢᠯᠴᠠᠭᠤᠯᠬᠤ ᠬᠤᠷᠠᠯ ᠳᠤ ᠣᠷᠣᠯᠴᠠᠪᠠ᠃        ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠣᠨᠴᠠ ᠤᠷᠢᠭᠰᠠᠨ ᠬᠦᠨᠳᠦᠲᠦ ᠵᠣᠴᠢᠳ ᠠᠴᠠ 10 ᠪᠤᠲᠤᠩ ᠰᠢᠨ᠎ᠡ ᠠᠷᠢᠬᠢ ᠶᠢ ᠲᠤᠬᠠᠢ ᠶᠢᠨ ᠲᠠᠯᠠᠪᠠᠢ ᠳᠤ ᠪᠢᠲᠡᠭᠦᠮᠵᠢᠯᠡᠨ ᠬᠠᠳᠠᠭᠠᠯᠠᠵᠤ᠂ ᠳᠤᠮᠳᠠᠳᠤ ᠤᠯᠤᠰ ᠤᠨ ᠬᠤᠪᠢᠰᠬᠠᠯᠲᠤ ᠳᠠᠭᠤᠤ ᠶᠢᠨ ᠤᠷᠤᠯᠳᠤᠭᠠᠨ ᠤ ᠶᠡᠷᠦᠩᠬᠡᠢ ᠮᠠᠩᠯᠠᠢ ᠪᠤᠯᠬᠤ ︽ᠮᠡᠶᠢᠷᠡᠨ ᠬᠠᠮᠲᠤᠯᠢᠭ︾ ᠲᠤ ︽ᠪᠦᠲᠦᠭᠡᠭᠳᠡᠭᠦᠨ ᠢ ᠤᠬᠠᠭᠤᠯᠤᠨ ᠲᠠᠨᠢᠯᠴᠠᠭᠤᠯᠬᠤ ᠡᠯᠴᠢ︾ ᠭᠡᠬᠦ ᠴᠣᠯᠠ ᠬᠦᠷᠲᠡᠭᠡᠨ᠂ ᠤᠯᠤᠰ ᠤᠨ ᠲᠡᠰ ᠤᠨ ᠠᠷᠢᠬᠢ ᠠᠮᠲᠠᠯᠠᠭᠴᠢ ᠶᠠᠩ ᠬᠤᠩ ᠰᠢᠶᠠ ᠠᠴᠠ ᠪᠤᠷᠤᠬᠤᠲᠠ ᠶᠢᠨ ᠨᠢᠭᠡᠳᠦᠭᠡᠷ ᠨᠤᠮᠤᠷᠲᠦ ᠰᠢᠷᠢᠰ ᠠᠷᠢᠬᠢᠨ ᠤ ᠣᠨᠴᠠᠯᠢᠭ᠂ ᠰᠣᠶᠣᠯ ᠤᠨ ᠰᠢᠨᠵᠢ ᠴᠢᠨᠠᠷ ᠵᠡᠷᠭᠡ ᠲᠠᠯ᠎ᠠ ᠪᠠᠷ ᠲᠠᠨᠢᠯᠴᠠᠭᠤᠯᠭ᠎ᠠ ᠬᠢᠪᠡ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号