︽ᠪᠢ ᠡᠬᠡ ᠤᠯᠤᠰ ᠢᠶᠠᠨ ᠬᠠᠶᠢᠷᠠᠯᠠᠨ᠎ᠠ ︾ ᠭᠡᠬᠦ ᠭᠤᠣᠯ ᠰᠡᠳᠦᠪᠲᠦ ᠤᠷᠠᠨ ᠤᠩᠰᠢᠯᠭ᠎ᠠ ᠶᠢᠨ ᠠᠵᠢᠯᠯᠠᠭ᠎ᠠ ᠰᠢᠨᠬᠤᠸᠠ ᠨᠣᠮ ᠤᠨ ᠳᠡᠯᠭᠡᠭᠦᠷ ᠲᠤ ᠶᠠᠪᠤᠭᠳᠠᠪᠠ
ᠨᠡᠶᠢᠲᠡᠯᠡᠭᠰᠡᠨ ᠴᠠᠭ᠄
2024/10/17
       ᠤᠯᠤᠰ ᠪᠠᠶᠢᠭᠤᠯᠤᠭᠳᠠᠭᠰᠠᠨ  75 ᠵᠢᠯ ᠤᠨ ᠣᠢ ᠶᠢ ᠪᠡᠯᠭᠡᠯᠡᠵᠦ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠤᠯᠠᠮ ᠳᠡᠭᠡᠭᠰᠢᠯᠡᠭᠦᠯᠬᠦ ᠶᠢᠨ ᠲᠤᠰᠠᠳᠠ 10 ᠰᠠᠷ᠎ᠠ ᠶᠢᠨ 7 ᠤ ᠡᠳᠦᠷ᠂ ᠬᠤᠰᠢᠭᠤᠨ ᠤ ᠰᠢᠨᠬᠤᠸᠠ ᠨᠣᠮ ᠤᠨ ᠳᠡᠯᠭᠡᠭᠦᠷ᠂ ᠬᠤᠰᠢᠭᠤᠨ ᠤ ᠨᠣᠮ ᠤᠩᠰᠢᠯᠭ᠎ᠠ ᠶᠢᠨ ᠨᠡᠶᠢᠭᠡᠮᠯᠢᠭ ᠪᠤᠯᠤᠨ ᠶᠢᠨ ᠮᠠᠢ ᠤᠷᠠᠨ ᠬᠡᠯᠡᠯᠭᠡ ᠶᠢᠨ ᠪᠣᠯᠪᠠᠰᠤᠷᠠᠯ ᠤᠨ ᠲᠥᠪ ᠬᠠᠮᠲᠤᠷᠠᠨ ︽ᠪᠢ ᠡᠬᠡ ᠤᠯᠤᠰ ᠢᠶᠠᠨ  ᠬᠠᠶᠢᠷᠠᠯᠠᠨ᠎ᠠ︾ ᠭᠡᠬᠦ ᠭᠤᠣᠯ ᠰᠡᠳᠦᠪᠲᠦ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ᠃       ᠠᠵᠢᠯᠯᠠᠭ᠎ᠠ ᠳᠤ᠂ ︽ᠡᠬᠡ ᠤᠯᠤᠰ︾᠂ ︽ᠨᠣᠮ ᠤᠩᠰᠢᠬᠤ ᠨᠢ ᠦᠨᠡᠬᠡᠷ ᠰᠠᠶᠢᠨ︾᠂ ︽ᠴᠠᠰᠤ︾ ᠵᠡᠷᠭᠡ ᠢᠷᠠᠭᠤ ᠨᠠᠶᠢᠷᠠᠭ ᠤᠨ ᠤᠷᠠᠨ ᠤᠩᠰᠢᠯᠭ᠎ᠠ ᠪᠠᠷ ᠳᠠᠮᠵᠢᠭᠤᠯᠤᠨ ᠡᠬᠡ ᠣᠷᠣᠨ᠂ ᠡᠬᠡ ᠤᠯᠤᠰ ᠢᠶᠠᠨ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠪᠠᠨ ᠢᠯᠡᠳᠭᠡᠭᠰᠡᠨ ᠤ ᠬᠠᠮᠲᠤ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠴᠤᠭ ᠵᠤᠯᠢ ᠪᠠᠳᠠᠷᠠᠩᠭᠤᠢ᠂ ᠥᠭᠡᠳᠡᠯᠡᠨ ᠲᠠᠪᠰᠢᠬᠤ ᠵᠣᠷᠢᠭ ᠰᠠᠨᠠᠭ᠎ᠠ ᠶᠢ ᠴᠤ ᠭᠦᠢᠴᠡᠳ ᠢᠯᠡᠷᠡᠭᠦᠯᠦᠭᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号