ᠢ ᠪᠢᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠪᠦᠯᠬᠦᠮ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/10/17
       10 ᠰᠠᠷ᠎ᠠ ᠶᠢᠨ 14 ᠤ ᠡᠳᠦᠷ᠂ ᠢ ᠪᠢᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠹᠦ᠋ ᠲᠢᠩ ᠨᠡᠷ ᠮᠠᠨ ᠤ ᠬᠤᠰᠢᠭᠤᠨ ᠳᠤ ᠢᠷᠡᠵᠦ ᠰᠢᠨ᠎ᠡ ᠡᠨᠧᠷᠭᠢ ᠶᠢᠨ ᠠᠵᠤ ᠦᠢᠯᠡᠰ ᠤᠨ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ᠂ ᠳᠡᠳ᠋ ᠲᠡᠷᠢᠭᠦᠯᠡᠭᠴᠢ ᠶᠠᠩ ᠪᠦᠦ ᠰᠧᠨ ᠨᠠᠷ ᠪᠠᠷ᠎ᠠ ᠪᠣᠯᠵᠣ ᠪᠠᠶᠢᠴᠠᠭᠠᠵᠠᠢ᠃         ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠴᠡᠭᠡᠨ ᠭᠠᠴᠠᠭ᠎ᠠ ᠶᠢᠨ 60 ᠰᠠᠶ᠎ᠠ ᠸᠠᠲ ᠤᠨ ᠨᠠᠷᠠᠨ ᠡᠨᠧᠷᠭᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠲᠣᠭᠤᠷᠢᠭ᠂ ᠵᠢᠩ ᠨᠧᠩ ᠡᠨᠧᠷᠭᠢ ᠶᠢᠨ ᠬᠦᠭᠵᠢᠭᠦᠯᠥᠯᠲᠡ ᠶᠢᠨ ᠬᠢᠵᠠᠭᠠᠷᠲᠤ ᠺᠣᠮᠫᠠᠨᠢ ᠵᠡᠷᠭᠡ ᠭᠠᠵᠠᠷ ᠤᠳ ᠲᠤ ᠬᠦᠷᠴᠦ᠂ ᠮᠠᠨ ᠤ ᠬᠤᠰᠢᠭᠤᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ᠂ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠨᠠᠷᠠᠨ ᠡᠨᠧᠷᠭᠢ ᠶᠢ ᠨᠢᠭᠡ ᠴᠤᠭᠴᠠᠵᠢᠭᠤᠯᠤᠭᠰᠠᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠷᠭ᠎ᠠ ᠲᠤᠷᠰᠢᠯᠭ᠎ᠠ ᠶᠢ ᠨᠠᠷᠢᠯᠢᠭ ᠪᠠᠶᠢᠴᠠᠭᠠᠨ ᠤᠶᠢᠯᠠᠭᠠᠭᠰᠠᠨ ᠪᠠᠶᠢᠨ᠎ᠠ᠃        ᠪᠠᠶᠢᠴᠠᠭᠠᠨ ᠰᠤᠳᠤᠯᠬᠤ ᠳᠤᠭᠤᠶᠢᠯᠠᠩ ᠠᠴᠠ ᠢᠯᠡᠷᠬᠡᠶᠢᠯᠡᠭᠰᠡᠨ ᠨᠢ᠂ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠤᠯᠭᠠᠨ᠂ ᠰᠢᠨ᠎ᠡ ᠡᠨᠧᠷᠭᠢ ᠶᠢᠨ ᠬᠦᠷᠢᠶᠡᠨ ᠳᠠᠬᠢ ᠬᠤᠶᠠᠷ ᠭᠠᠵᠠᠷ ᠤᠷᠤᠨ ᠤ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠰᠢᠨ᠎ᠡ ᠡᠨᠧᠷᠭᠢ ᠰᠢᠨ᠎ᠡ ᠦᠢᠯᠡᠳᠪᠦᠷᠢᠯᠡᠯ ᠤᠨ ᠬᠦᠴᠦᠨ ᠢ ᠢᠳᠡᠪᠬᠢᠲᠡᠢ ᠬᠦᠭᠵᠢᠭᠦᠯᠥᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠤᠨ᠎ᠠ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号