ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠥᠯᠬᠦᠮ ᠤᠨ ᠮᠡᠳᠡᠭᠦᠯᠦᠯᠲᠡ ᠶᠢᠨ ᠬᠤᠷᠠᠯ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/10/17
       10 ᠰᠠᠷ᠎ᠠ ᠶᠢᠨ 10 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠮᠠᠨ ᠤ ᠬᠤᠰᠢᠭᠤᠨ ᠳᠤ ᠶᠠᠪᠤᠭᠳᠠᠪᠠ᠃ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠶᠣᠰᠣ ᠰᠤᠷᠲᠠᠬᠤᠨ ᠬᠢᠭᠡᠳ ᠬᠠᠤᠯᠢᠵᠢᠯ ᠢ ᠵᠢᠭᠠᠨ ᠰᠤᠳᠤᠯᠬᠤ ᠲᠠᠰᠤᠭ ᠤᠨ ᠡᠷᠬᠢᠯᠡᠭᠴᠢ ᠵᠠᠩ ᠰᠢ ᠮᠧᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠵᠦ᠂ ᠬᠤᠰᠢᠭᠤᠨ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠮᠥᠩᠬᠡ ᠬᠤᠷᠠᠯ ᠢ ᠡᠷᠬᠢᠯᠡᠨ ᠶᠠᠷᠢᠶ᠎ᠠ ᠲᠠᠯᠪᠢᠵᠠᠢ᠂ ᠯᠢ ᠢᠦᠶ ᠲᠢᠩ᠂ ᠰᠦᠨ ᠮᠢᠩ ᠲᠤᠤ᠂ ᠬᠤ᠋ ᠹᠧᠩ ᠶᠠᠨ᠂ ᠵᠦ ᠴᠦᠨ ᠶᠦᠩ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠠᠶ᠃       ᠮᠦᠩᠬᠡ ᠶᠠᠷᠢᠶᠠᠨ ᠳᠠᠭᠠᠨ᠂ ᠪᠦᠬᠦ ᠬᠤᠰᠢᠭᠤ ᠪᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠦᠵᠡᠯ ᠰᠠᠨᠠᠭ᠎ᠠ᠂ ᠦᠢᠯᠡ ᠠᠵᠢᠯᠯᠠᠭ᠎ᠠ ᠪᠠᠨ ᠲᠥᠪ᠂ ᠣᠷᠣᠨ ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠲᠠᠢ ᠦᠨᠨᠡᠬᠦ ᠨᠢᠭᠡᠳᠭᠡᠬᠦ ᠬᠡᠷᠡᠭᠲᠡᠢ︔ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠳᠤᠷᠢᠳᠬᠤ ᠺᠠᠳ᠋ᠷ ᠤᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠭᠡᠨ ᠢᠶᠠᠷ ᠭᠦᠨᠵᠡᠭᠡᠶᠢᠷᠡᠭᠦᠯᠬᠦ ᠬᠡᠷᠡᠭᠲᠡᠶ︔ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠲᠤᠭᠳᠠᠭᠠᠨ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠮᠤᠷ ᠲᠣᠭᠲᠠᠭᠤᠨ ᠢ ᠪᠠᠲᠤᠯᠠᠬᠤ ᠵᠡᠷᠭᠡ ᠡᠯ᠎ᠡ ᠵᠦᠢᠯ ᠤᠨ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠳᠡᠭᠡᠷ᠎ᠡ᠂ ᠵᠠᠩ ᠰᠢ ᠮᠧᠢ ᠫᠷᠤᠹᠧᠰᠰᠤᠷ ᠠᠴᠠ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ︾᠂ ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ︾᠂ ︽ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠷᠭ᠎ᠠ ᠬᠡᠮᠵᠢᠶ᠎ᠡ ᠶᠢ ᠣᠨᠣᠪᠴᠢᠲᠠᠢ ᠣᠶᠢᠯᠠᠭᠠᠬᠤ︾᠂ ︽ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ︾ ᠵᠡᠷᠭᠡ ᠲᠦᠷᠪᠡᠨ ᠲᠠᠯ᠎ᠠ ᠠᠴᠠ ᠭᠦᠨᠵᠡᠭᠡᠢ ᠲᠣᠳᠣᠷᠬᠠᠶᠢᠯᠠᠨ ᠥᠭᠦᠯᠡᠪᠡ᠃ ᠢᠯᠡᠳᠬᠡᠯ ᠤᠨ ᠭᠤᠤᠯᠳᠠᠯᠭ᠎ᠠ ᠳᠤᠪᠤᠶᠢᠮ᠎ᠠ᠂᠂ ᠰᠡᠳᠭᠢᠮᠵᠢ ᠲᠤᠳᠤᠷᠬᠠᠢ ᠪᠠᠶᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠤᠶᠢᠯᠠᠭᠠᠨ ᠡᠵᠡᠮᠰᠢᠬᠦ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠪᠤᠯᠤᠭᠰᠠᠨ ᠪᠠᠶᠢᠨ᠎ᠠ᠃       ᠮᠡᠳᠡᠭᠦᠯᠦᠯᠲᠡ ᠶᠢᠨ ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠬᠡᠰᠢᠭᠦᠳ ᠪᠤᠯᠤᠨ ᠤᠬᠠᠭᠤᠯᠬᠤ ᠠᠵᠢᠯᠲᠠᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号