ᠣᠩᠨᠢᠭᠤᠳ ᠬᠤᠰᠢᠭᠤᠨ ᠤ ᠨᠤᠭᠤᠭᠠᠷᠠᠭᠤᠯᠤᠯᠲᠠ ᠶᠢᠨ ᠠᠷᠭ᠎ᠠ ᠲᠤᠷᠰᠢᠯᠭ᠎ᠠ ᠨᠢ ᠪᠦᠬᠦ ᠤᠯᠤᠰ ᠤᠨ ᠨᠤᠭᠤᠭᠠᠷᠠᠭᠤᠯᠤᠯᠲᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠳᠤ ᠠᠮᠵᠢᠯᠲᠠ ᠲᠠᠢ ᠰᠤᠩᠭᠤᠭᠳᠠᠨ ᠣᠷᠣᠪᠠ
ᠨᠡᠶᠢᠲᠡᠯᠡᠭᠰᠡᠨ ᠴᠠᠭ᠄
2024/10/17
       ᠣᠶᠢᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ᠂ ᠰᠣᠶᠣᠯ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ ᠪᠠ ᠤᠯᠤᠰ ᠤᠨ ᠰᠢᠤᠳᠠᠨ ᠤ ᠲᠣᠪᠴᠢᠶ᠎ᠠ ᠶᠢᠨ ᠠᠯᠪᠠᠨ ᠬᠡᠷ ᠬᠠᠮᠲᠤᠷᠠᠨ ︽ᠳᠥᠷᠪᠡᠨ ᠰᠠᠶᠢᠬᠠᠨ ᠲᠣᠰᠬᠤᠨ ᠤ ᠵᠠᠮ︾ ᠤᠨ ᠨᠡᠷᠡᠰ ᠢ ᠳᠠᠷᠤᠮᠠᠯᠯᠠᠨ ᠲᠠᠷᠬᠠᠭᠠᠵᠤ᠂ ᠣᠩᠨᠢᠭᠤᠳ ᠬᠤᠰᠢᠭᠤᠨ ᠤ ᠨᠤᠭᠤᠭᠠᠷᠠᠭᠤᠯᠤᠯᠲᠠ ᠶᠢᠨ ᠠᠷᠭ᠎ᠠ ᠲᠤᠷᠰᠢᠯᠭ᠎ᠠ ᠨᠢ ᠪᠦᠬᠦ ᠤᠯᠤᠰ ᠤᠨ ᠨᠤᠭᠤᠭᠠᠷᠠᠭᠤᠯᠤᠯᠲᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠳᠤ ᠠᠮᠵᠢᠯᠲᠠ ᠲᠠᠢ ᠰᠤᠩᠭᠤᠭᠳᠠᠨ ᠤᠷᠤᠭᠰᠠᠨ ᠪᠨᠠᠶᠢᠨ᠎ᠠ᠃         ᠨᠤᠭᠤᠭᠠᠷᠠᠭᠤᠯᠤᠯᠲᠠ ᠶᠢᠨ ᠠᠷᠭ᠎ᠠ ᠲᠤᠷᠰᠢᠯᠭ᠎ᠠ ᠳᠤ ᠭᠤᠤᠯ ᠨᠢ᠂ ᠲᠣᠭᠠᠴᠢᠯᠠᠭᠰᠠᠨ ᠬᠠᠮᠢᠶᠠᠷᠤᠯᠲᠠ ᠶᠢᠨ ᠣᠶᠢᠯᠠᠭᠠᠭᠳᠠᠬᠤᠨ ᠪᠣᠯᠤᠨ ᠮᠡᠷᠭᠡᠵᠢᠯ ᠤᠨ ᠠᠷᠭ᠎ᠠ ᠪᠠᠷᠢᠯ ᠢ ᠢᠳᠡᠪᠬᠢᠲᠡᠢ ᠣᠷᠣᠭᠤᠯᠤᠨ ᠠᠪᠴᠢᠷᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠲᠦᠪᠰᠢᠨ ᠪᠣᠯᠤᠨ ᠦᠢᠯᠡᠴᠢᠯᠡᠭᠡᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠬᠠᠮᠲᠤ ᠲᠤᠲᠤᠷᠭᠠᠨ ᠰᠦᠷᠡᠯ ᠢᠶᠠᠷ ᠵᠠᠰᠠᠮᠠᠯ ᠵᠠᠮ ᠳᠠᠭᠠᠤ ᠶᠢᠨ ᠨᠡᠭᠦᠳᠡᠯ ᠡᠯᠡᠰᠦ ᠶᠢ ᠲᠤᠭᠲᠠᠪᠤᠷᠢᠵᠢᠭᠤᠯᠤᠨ᠂ ᠬᠠᠷᠭᠠᠨ᠎ᠠ ᠪᠤᠷᠭᠠᠰᠤ ᠲᠠᠷᠢᠬᠤ ᠪᠠᠷ ᠳᠠᠮᠵᠢᠭᠤᠯᠤᠨ ᠤᠷᠭᠤᠮᠠᠯ ᠤᠨ ᠪᠦᠷᠬᠦᠴᠡ ᠶᠢ ᠨᠡᠮᠡᠭᠳᠡᠭᠦᠯᠵᠦ᠂ ᠡᠯᠡᠰᠦᠷᠬᠡᠭ ᠭᠠᠵᠠᠷ ᠤᠨ ᠠᠮᠢᠵᠢᠷᠠᠯ ᠤᠨ ᠬᠦᠴᠦᠨ ᠢ ᠠᠯᠬᠤᠮ ᠠᠯᠬᠤᠮ ᠢᠶᠠᠷ ᠰᠡᠷᠭᠦᠭᠡᠬᠦ ᠪᠤᠯᠤᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号