ᠣᠩᠨᠢᠭᠤᠳ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠡᠭᠦᠷᠭᠡᠯᠡᠬᠦ ᠬᠤᠷᠠᠯ ᠬᠤᠷᠠᠯᠳᠤᠪᠠ ᠮᠥᠩᠬᠡ ᠨᠥᠬᠦᠷ ᠣᠩᠨᠢᠭᠤᠳ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠢ ᠬᠠᠷᠢᠭᠤᠴᠠᠪᠠ
ᠨᠡᠶᠢᠲᠡᠯᠡᠭᠰᠡᠨ ᠴᠠᠭ᠄
2024/10/17
      10 ᠰᠠᠷ᠎ᠠ ᠶᠢᠨ 16 ᠤ ᠡᠳᠦᠷ᠂ ᠣᠩᠨᠢᠭᠤᠳ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠡᠭᠦᠷᠭᠡᠯᠡᠬᠦ ᠶᠡᠭᠡ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠴᠡᠷᠢᠭ ᠤᠨ ᠬᠤᠪᠢᠶᠠᠷᠢ ᠲᠣᠭᠤᠷᠢᠭ ᠤᠨ ᠤᠯᠤᠰ ᠲᠥᠷᠥ ᠶᠢᠨ ᠭᠡᠰᠢᠭᠦᠨ ᠴᠧᠨ ᠲᠠᠢ ᠰᠢᠨ ᠤᠯᠠᠭᠠᠨᠬᠠᠳᠠ ᠬᠤᠲᠠ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠲᠤᠰᠢᠶᠠᠯ ᠡᠭᠦᠷᠭᠡᠯᠡᠬᠦ ᠵᠠᠷᠯᠢᠭ ᠢ ᠨᠡᠶᠢᠲᠡᠯᠡᠵᠦ᠂ ᠮᠥᠩᠬᠡ ᠨᠥᠬᠦᠷ ᠢ ᠣᠩᠨᠢᠭᠤᠳ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠪᠠᠷ ᠲᠤᠮᠢᠯᠠᠵᠤ᠂ ᠮᠥᠩᠬᠡ ᠨᠥᠬᠦᠷ ᠠᠴᠠ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃        ᠬᠤᠷᠠᠯ ᠳᠡᠭᠡᠷ᠎ᠡ᠂ ᠴᠧᠨ ᠲᠠᠢ ᠰᠢᠨ ᠠᠴᠠ ᠤᠯᠠᠭᠠᠨᠬᠠᠳᠠ ᠬᠤᠲᠠ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶ᠎ᠠ ᠶᠢ ᠲᠥᠯᠥᠭᠡᠯᠡᠨ ᠮᠥᠩᠬᠡ ᠨᠥᠬᠦᠷ ᠲᠤ ᠪᠠᠶᠠᠷ ᠬᠦᠷᠭᠡᠪᠡ᠃ ᠴᠧᠨ ᠲᠠᠢ ᠰᠢᠨ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠠᠷᠠᠳ ᠤᠨ ᠵᠡᠪᠰᠡᠭᠲᠦ ᠬᠦᠴᠦᠨ ᠤ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠲᠠᠶᠢᠨ ᠤ ᠪᠡᠯᠡᠳᠭᠡᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃        ᠮᠦᠩᠬᠡ ᠶᠠᠷᠢᠶᠠᠨ ᠳᠠᠭᠠᠨ᠂ ᠤᠯᠠᠭᠠᠨᠬᠠᠳᠠ ᠬᠤᠳᠠ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶ᠎ᠠ ᠶᠢᠨ ᠲᠣᠭᠲᠠᠭᠠᠯ ᠢ ᠡᠷᠡᠰ ᠬᠦᠷᠢᠶᠡᠯᠡᠵᠦ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠨ᠂ ᠲᠠᠶᠢᠨ ᠤ ᠪᠡᠯᠡᠳᠭᠡᠯ ᠲᠤ ᠠᠩᠬᠠᠷᠤᠯ ᠢᠶᠠᠨ ᠲᠦᠪᠯᠡᠷᠡᠭᠦᠯᠵᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠡᠯ᠎ᠡ ᠵᠦᠢᠯ ᠤᠨ ᠠᠵᠢᠯ ᠢ ᠰᠠᠶᠢᠲᠤᠷ ᠨᠠᠶᠢᠳᠠᠪᠤᠷᠢᠵᠢᠭᠤᠯᠤᠨ᠂ ᠣᠩᠨᠢᠭᠤᠳ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠡᠢ᠃        ᠭᠤᠤ ᠶᠦᠩ ᠡᠤ᠂ ᠯᠢ ᠶᠠ ᠵᠢᠶᠦ᠋ᠨ᠂ ᠵᠦ ᠴᠦᠨ ᠶᠦᠩ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号