ᠮᠥᠩᠬᠡ ᠰᠢᠨᠡᠰᠦ᠋ᠮ᠎ᠡ ᠰᠤᠮᠤ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/10/17
        10 ᠰᠠᠷ᠎ᠠ ᠶᠢᠨ 12  ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠮᠦᠩᠬᠡ ᠰᠢᠨᠡᠰᠦ᠋ᠮ᠎ᠡ ᠰᠤᠮᠤ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠲᠤᠰᠬᠠᠢ ᠰᠡᠳᠦᠪᠲᠦ ᠨᠠᠮ ᠤᠨ ᠬᠢᠴᠢᠶᠡᠯ  ᠣᠷᠣᠵᠣ  ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ  ᠲᠠᠢ ᠬᠠᠮᠲᠤ ᠪᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ᠃         ᠨᠠᠮ ᠤᠨ ᠬᠢᠴᠢᠶᠡᠯ  ᠳᠡᠭᠡᠨ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ︾ ᠪᠠᠷ ᠭᠤᠣᠯ ᠰᠡᠳᠦᠪ ᠪᠣᠯᠭᠠᠵᠤ᠂ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ︾᠂ ︽ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠮᠵᠢᠯᠲᠠ ᠶᠢ ᠭᠦᠨᠵᠡᠭᠡᠢ ᠣᠶᠢᠯᠠᠭᠠᠬᠤ︾᠂ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠬᠠᠷᠠᠯᠲᠠ︾᠂ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠵᠠᠷᠴᠢᠮ ᠢ ᠭᠦᠨᠵᠡᠭᠡᠢ ᠣᠶᠢᠯᠠᠭᠠᠬᠤ︾᠂ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠭᠦᠨᠵᠡᠭᠡᠢ ᠡᠵᠡᠮᠳᠡᠬᠦ︾ ᠵᠡᠷᠭᠡ ᠲᠠᠪᠤᠨ ᠲᠠᠯ᠎ᠠ ᠠᠴᠠ ᠰᠢᠰᠲ᠋ᠧᠮ ᠲᠠᠢ ᠲᠣᠳᠣᠷᠬᠠᠶᠢᠯᠠᠨ  ᠶᠠᠷᠢᠵᠤ᠂  ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠶᠢᠯᠠᠭᠠᠬᠤ ᠪᠠ ᠣᠨᠣᠪᠴᠢᠲᠠᠶ ᠡᠵᠡᠮᠰᠢᠬᠦ ᠳᠤ  ᠵᠢᠯᠤᠭᠤᠳᠤᠮᠵᠢ ᠪᠤᠯᠭᠠᠪᠠ᠃         ᠮᠥᠩᠬᠡ  ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠳᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ  ᠨᠡᠭᠡᠭᠡᠵᠦ᠂  ᠳᠤᠮᠳᠠ ᠪᠠᠶᠢᠷᠢᠨ ᠲᠤ ᠣᠷᠣᠬᠤ︾ ᠬᠠᠷᠠᠯᠲᠠ ᠶᠢᠨ ᠪᠠᠶᠢᠷᠢ ᠲᠣᠭᠲᠠᠭᠠᠯᠲᠠ ᠪᠠ ᠬᠤᠲᠠ ᠶᠢᠨ ᠨᠠᠮ ᠤᠨ ᠬᠤᠷᠢᠶ᠎ᠠ ᠶᠢᠨ ︽ᠲᠡᠷᠢᠭᠦᠨ ᠤ ᠬᠢ ᠶᠢ ᠲᠡᠮᠡᠴᠡᠬᠦ︾ ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠠ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ  ᠭᠡᠵᠡᠢ᠃        ᠮᠦᠩᠭᠡ  ᠪᠠᠰᠠ ᠶᠠᠷᠢᠶᠠᠨ ᠳᠠᠭᠠᠨ  ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠵᠣᠬᠢᠶᠠᠯ ᠢ ᠤᠩᠰᠢᠨ ᠰᠣᠳᠣᠯᠵᠣ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ︽ᠲᠣᠭᠲᠠᠭᠠᠯ︾ ᠳᠤ ᠳᠤᠷᠠᠳᠤᠭᠰᠠᠨ ᠴᠢᠬᠤᠯᠠ ᠶᠡᠭᠡ ᠤᠨᠤᠯ ᠤᠨ ᠦᠵᠡᠯᠲᠡ᠂  ᠡᠭᠦᠷᠭᠡ ᠬᠠᠷᠠᠯᠲᠠ᠂ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠣᠶᠢᠯᠠᠭᠠᠵᠤ᠂ ︽ᠲᠣᠭᠲᠠᠭᠠᠯ︾ ᠤᠨ ᠪᠠᠶᠠᠯᠢᠭ ᠠᠭᠤᠯᠤᠭᠳᠠᠬᠤᠨ᠂ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠰᠤᠷᠤᠯᠴᠠᠯᠭ᠎ᠠ ᠶᠢ ᠭᠦᠨᠵᠡᠭᠡᠶᠢᠷᠡᠭᠦᠯᠬᠦ᠂ ᠰᠡᠳᠬᠢᠯ ᠳᠤ ᠬᠠᠳᠠᠩᠰᠢᠭᠤᠯᠬᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠥ ᠱᠠᠭᠠᠷᠳᠠᠭᠰᠠᠨ ᠪᠠᠶᠢᠨ᠎ᠠ᠃       ᠮᠦᠩᠬᠡ  ᠶᠠᠷᠢᠶᠠᠨ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠤᠬᠠᠭᠤᠯᠤᠨ ᠲᠠᠶᠢᠯᠪᠤᠷᠢᠯᠠᠬᠤ ᠠᠵᠢᠯ ᠢ ᠭᠦᠨᠵᠡᠭᠡᠢ ᠥᠷᠨᠢᠭᠦᠯᠵᠦ᠂ ᠡᠯ᠎ᠡ ᠵᠦᠢᠯ ᠤᠨ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠠᠮᠢᠳᠤᠯᠢᠭ ᠢᠶᠠᠷ ᠬᠡᠷᠡᠭᠯᠡᠵᠦ᠂ ᠲᠠᠷᠢᠶᠠᠨ ᠭᠠᠵᠠᠷ᠂ ᠵᠡᠭᠡᠯᠢ ᠭᠤᠳᠤᠮᠵᠢ᠂ ᠮᠠᠯᠴᠢᠨ ᠲᠠᠷᠢᠶᠠᠴᠢᠨ ᠤ ᠭᠡᠷ ᠲᠤ ᠭᠦᠨᠵᠡᠭᠡᠶᠢᠷᠡᠵᠦ᠂ ᠤᠯᠠᠨ ᠲᠦᠮᠡᠨ ᠤ ᠰᠣᠨᠣᠰᠴᠤ ᠣᠶᠢᠯᠠᠭᠠᠬᠤ᠂  ᠦᠭᠡ ᠶᠠᠷᠢᠶ᠎ᠠ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠦᠭ ᠲᠦᠮᠡᠨ ᠠᠶᠢᠯ ᠡᠷᠦᠬᠡ ᠳᠤ ᠤᠯᠠᠮᠵᠢᠯᠠᠵᠤ᠂  ᠪᠦᠬᠦ ᠬᠤᠰᠢᠭᠤᠨ  ᠤ ᠡᠯ᠎ᠡ  ᠭᠠᠵᠠᠷ ᠲᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ ᠬᠡᠷᠡᠭᠲᠡᠢ  ᠭᠡᠵᠡᠢ᠃       ᠮᠥᠩᠬᠡ  ᠪᠠᠰᠠ ᠶᠠᠷᠢᠶᠠᠨ ᠳᠠᠭᠠᠨ᠂ ᠣᠶᠢᠷ᠎ᠠ ᠶᠢᠨ ᠵᠢᠯ ᠳᠤ᠂ ᠰᠢᠨᠡᠰᠦ᠋ᠮ᠎ᠡ ᠰᠤᠮᠤ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠲᠠᠰᠤᠷᠠᠯᠲᠠ ᠥᠬᠡᠶ ᠪᠠᠬᠢᠵᠢᠵᠦ᠂ ᠤᠨᠴᠠᠯᠢᠬᠳᠤ ᠠᠵᠤ  ᠦᠢᠯᠡᠰ ᠲᠦᠷᠭᠡᠨ ᠬᠥᠭᠵᠢᠵᠦ᠂ ᠮᠠᠯᠴᠢᠨ ᠲᠠᠷᠢᠶᠠᠴᠢᠨ ᠣᠯᠠᠨ ᠲᠦᠮᠡᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠪᠥᠬᠦ ᠰᠤᠮᠤᠨ ᠤ ᠠᠵᠤ ᠠᠬᠤᠶ ᠶᠢᠨ ᠬᠥᠭᠵᠢᠯᠲᠡ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠪᠠ᠃ ᠰᠢᠨᠡᠰᠦ᠋ᠮ᠎ᠡ ᠰᠤᠮᠤ ᠨᠢ ᠡᠬᠢ ᠪᠠᠶᠠᠯᠢᠭ ᠤᠨ ᠳᠠᠪᠠᠭᠤᠯᠢᠭ ᠲᠠᠢ ᠪᠠᠨ ᠨᠢᠭᠲᠠ ᠤᠶᠠᠯᠳᠤᠭᠤᠯᠵᠤ᠂ ᠠᠷᠠᠳ ᠢ ᠪᠠᠶᠠᠵᠢᠭᠤᠯᠬᠤ ᠠᠵᠤ ᠦᠢᠯᠡᠰ ᠤᠨ ᠬᠥᠭᠵᠢᠨ ᠪᠤᠵᠠᠭᠠᠢᠢᠷᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠷᠴᠢ ᠵᠣᠷᠢᠭ ᠢᠶᠠᠨ ᠬᠥᠪᠴᠢᠯᠡᠵᠦ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠶᠢ  ᠬᠦᠰᠡᠨ ᠱᠠᠭᠠᠷᠳᠠᠭᠰᠠᠨ ᠪᠠᠶᠢᠨ᠎ᠠ᠃       ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠦ ᠴᠦᠨ ᠶᠦᠩ᠂ ᠰᠢᠨᠡᠰᠦ᠋ᠮ᠎ᠡ ᠰᠤᠮᠤ ᠶᠢᠨ ᠨᠠᠮ ᠤᠨ ᠭᠡᠰᠢᠭᠦᠨ   ᠺᠠᠳ᠋ᠷᠴᠣᠳ᠂ ᠬᠤᠰᠢᠭᠤᠨ  ᠲᠠᠰ ᠤᠨ ᠬᠡᠰᠡᠭ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠡᠯ᠎ᠡ ᠭᠠᠴᠠᠭ᠎ᠠ ᠲᠣᠰᠬᠤᠨ ᠬᠤᠪᠢᠶᠠᠷᠢ ᠲᠠᠯᠠᠪᠠᠶ ᠶᠢᠨ ᠨᠠᠮ ᠤᠨ ᠡᠭᠦᠷ ᠤᠨ ᠱᠦᠵᠢ ᠲᠤᠬᠠᠶ ᠶᠢᠨ ᠲᠠᠯᠠᠪᠠᠶ ᠳᠤ ᠨᠠᠮ ᠤᠨ ᠬᠢᠴᠢᠶᠡᠯ ᠢ ᠰᠣᠨᠣᠰᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号