ᠣᠩᠨᠢᠭᠤᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ129 ᠤᠳᠠᠭᠠᠨ ᠤ ᠪᠠᠶᠢᠩᠭᠤ  ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/17
      10 ᠰᠠᠷ᠎ᠠ ᠶᠢᠨ 9 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠮᠥᠩᠬᠡ ᠠᠷᠪᠠᠨ ᠲᠠᠪᠤᠳᠤᠭᠠᠷ  ᠬᠤᠭᠤᠴᠠᠭᠠᠨ  ᠤ ᠬᠤᠰᠢᠭᠤᠨ ᠨᠠᠮ ᠤᠨ  ᠬᠤᠷᠢᠶᠠᠨ ᠤ 129 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠰᠦᠨ ᠮᠢᠩ ᠲᠤᠤ᠂ ᠾᠤ᠋ ᠭᠦᠸᠧ ᠵᠢᠩ᠂ ᠭᠤᠣ ᠶᠦᠩ ᠡᠤ᠂ ᠯᠢ ᠶᠠ ᠵᠢᠶᠦ᠋ᠨ᠂  ᠬᠦ ᠹᠧᠩ ᠶᠠᠨ᠂ ᠭᠧᠩ ᠸᠧᠢ ᠳ᠋ᠥᠩ᠂ ᠵᠤ᠋ ᠴᠦᠨ ᠶᠦᠩ ᠬᠤᠷᠠᠯ ᠳᠤ ᠤᠷᠤᠯᠴᠠᠵᠤ᠂ ᠯᠢ ᠢᠦᠢ ᠲᠢᠩ᠂ ᠬᠥᠭᠵᠢᠯᠲᠦ ᠬᠤᠷᠠᠯ ᠳᠤ ᠰᠤᠯᠠ ᠣᠷᠣᠯᠴᠠᠪᠠ᠃        ᠬᠤᠷᠠᠯ ᠠᠴᠠ 9 ᠰᠠᠷ᠎ᠠ ᠶᠢᠨ 26 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ  ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠤᠯᠤᠨ ᠣᠶᠢᠷ᠎ᠠ ᠶᠢᠨ ᠬᠤᠭᠤᠴᠠᠭᠠᠨ ᠳᠠᠬᠢ ᠶᠡᠷᠦᠩᠬᠡᠢ ᠱᠦᠵᠢ ᠰᠢ  ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠲᠥᠪ᠂ ᠣᠷᠣᠨ᠂ ᠬᠤᠲᠠ ᠶᠢᠨ ᠬᠤᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠢ ᠨᠠᠶᠢᠳᠠᠪᠤᠷᠢᠵᠢᠭᠤᠯᠬᠤ ᠠᠵᠢᠯ ᠳᠤ ᠪᠠᠶᠢᠷᠢᠯᠠᠭᠤᠯᠤᠯᠲᠠ ᠬᠢᠪᠡ︔ ᠬᠤᠷᠠᠯ ᠠᠴᠠ ᠮᠠᠨ ᠤ ᠬᠤᠰᠢᠭᠤᠨ  ᠤ ︽ᠵᠢᠷᠭᠤᠭᠠᠨ ᠢᠨᠵᠧᠨᠧᠷᠢᠩ︾ ᠤᠨ ᠠᠬᠢᠴᠠ  ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠤ ᠬᠠᠮᠲᠤ ᠬᠤᠯᠪᠣᠭᠳᠠᠯ ᠪᠦᠬᠦᠢ ᠵᠥᠪᠳᠡᠬᠦ ᠵᠦᠢᠯ ᠢ ᠬᠢᠨᠠᠨ ᠵᠥᠪᠯᠡᠵᠡᠢ᠃       ᠬᠤᠷᠠᠯ ᠠᠴᠠ᠂ ᠴᠢᠨᠠᠷ ᠰᠠᠶᠢᠲᠠᠢ ᠬᠥᠭᠵᠢᠯᠲᠡ  ᠳᠤ ᠠᠩᠬᠠᠷᠤᠯ ᠢᠶᠠᠨ  ᠲᠥᠪᠯᠡᠷᠡᠭᠦᠯᠵᠦ᠂ ᠠᠵᠤ ᠠᠬᠤᠢ ᠶᠢᠨ ᠠᠵᠢᠯ ᠢ ᠰᠠᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠨᠡᠮᠡᠭᠳᠡᠭᠦᠯᠵᠦ᠂ ᠢᠲᠡᠭᠡᠯ ᠵᠣᠷᠢᠭ ᠢᠶᠠᠨ ᠪᠠᠲᠤᠳᠬᠠᠨ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ  ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠨᠡᠩ ᠣᠯᠠᠨ ᠲᠥᠷᠥᠯ ᠵᠦᠢᠯ ᠪᠠ ᠪᠡᠯᠡ ᠮᠥᠩᠭᠦᠨ ᠤ ᠳᠡᠮᠵᠢᠯᠭᠡ ᠶᠢ ᠴᠢᠷᠮᠠᠶᠢᠨ ᠣᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠶᠠᠳᠠᠭᠤ  ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ  ᠦᠷᠭᠦᠯᠵᠢᠯᠡᠨ ᠪᠠᠲᠤᠳᠬᠠᠵᠤ᠂ ᠬᠥᠳᠡᠭᠡ ᠲᠤᠰᠬᠤᠨ ᠢ  ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠥᠷᠥᠯ ᠵᠦᠢᠯ ᠤᠨ  ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠠᠷᠠᠳ ᠢ  ᠪᠠᠶᠠᠵᠢᠭᠤᠯᠬᠤ ᠣᠨᠴᠠᠯᠢᠭᠲᠤ ᠠᠵᠤ ᠦᠢᠯᠡᠰ ᠢ ᠶᠡᠬᠡᠪᠡᠷ ᠬᠦᠭᠵᠢᠭᠦᠯᠬᠦ ᠬᠡᠷᠡᠭᠲᠡᠢ᠃ ᠨᠠᠮᠤᠷ ᠤᠨ ᠬᠤᠷᠢᠶᠠᠯᠲᠠ  ᠶᠢᠨ ᠠᠵᠢᠯ ᠢ ᠰᠠᠶᠢᠲᠤᠷ ᠠᠳᠬᠤᠵᠤ᠂ ᠠᠮᠤ ᠪᠤᠳᠠᠭᠠᠨ ᠤ ᠠᠮᠤᠷ ᠲᠥᠪᠰᠢᠨ ᠢ  ᠪᠠᠲᠤᠯᠠᠨ ᠂ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ  ᠶᠢ ᠭᠦᠨᠵᠡᠭᠡᠢ ᠲᠦᠯᠬᠢᠨ ᠠᠬᠢᠭᠤᠯᠵᠤ᠂ ᠦᠢᠯᠡᠳᠬᠦᠨ ᠤ  ᠶᠠᠰᠤ ᠴᠢᠨᠠᠷ ᠪᠣᠯᠤᠨ ᠨᠡᠮᠡᠯᠲᠡ ᠦᠷᠲᠡᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠵᠦ᠂ ᠬᠥᠭᠵᠢᠯᠲᠡ  ᠶᠢᠨ ᠦᠷ᠎ᠡ ᠪᠦᠲᠦᠭᠡᠯ ᠢ  ᠥᠷᠭᠡᠨ ᠣᠯᠠᠨ ᠮᠠᠯᠴᠢᠨ ᠲᠠᠷᠢᠶᠠᠴᠢᠨ ᠳᠤ  ᠨᠡᠩ ᠢᠯᠡᠭᠦᠦ ᠬᠦᠷᠲᠡᠭᠡᠬᠦ ᠬᠡᠷᠡᠭᠲᠡᠢ ᠭᠡᠵᠡᠢ᠃       ᠬᠤᠷᠠᠯ ᠠᠴᠠ᠂ ᠶᠡᠷᠦᠩᠬᠡᠢ ᠱᠦᠵᠢ ᠰᠢ  ᠶᠢᠨ ᠫᠢᠩ  ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ  ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠥᠬᠡᠢ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ  ᠪᠠᠨ ᠳᠡᠭᠡᠭᠰᠢᠯᠡᠭᠦᠯᠵᠦ᠂ ᠪᠦᠬᠦ  ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠯᠤᠰ ᠲᠥᠷᠥ ᠶᠢᠨ ᠵᠥᠪᠯᠡᠯᠡᠭᠡᠨ ᠤ ᠣᠶᠤᠨ ᠤᠬᠠᠭᠠᠨ᠂ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃ ᠬᠤᠷᠠᠯ ᠠᠴᠠ᠂ ᠶᠡᠷᠦᠩᠬᠡᠢ ᠱᠦᠵᠢ ᠰᠢ  ᠶᠢᠨ ᠫᠢᠩ ᠤᠨ ᠤᠯᠤᠰ ᠤᠨ ᠭᠠᠪᠢᠶᠠᠨ ᠲᠡᠮᠳᠡᠭ ᠪᠣᠯᠤᠨ ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠳᠡᠭᠡᠷᠡᠬᠢ ᠴᠢᠬᠤᠯᠠ ᠶᠠᠷᠢᠶᠠᠨ  ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠪᠠᠭᠠᠲᠤᠷᠴᠤᠳ ᠢᠶᠠᠨ ᠬᠦᠨᠳᠦᠳᠬᠡᠨ᠂ ᠪᠠᠭᠠᠲᠤᠷᠴᠤᠳ ᠠᠴᠠ ᠰᠤᠷᠤᠯᠴᠠᠵᠤ᠂ ᠨᠠᠮ᠂ ᠠᠷᠠᠳ ᠲᠦᠮᠡᠨ ᠤ ᠦᠢᠯᠡᠰ ᠤᠨ ᠲᠥᠯᠥᠭᠡ ᠦᠷᠭᠦᠯᠵᠢᠯᠡᠨ ᠲᠡᠮᠡᠴᠡᠬᠦ ᠬᠡᠷᠡᠭᠲᠡᠢ ᠭᠡᠵᠡᠢ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ  ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ  ᠂ ᠦᠨᠳᠦᠰᠦᠲᠡᠨ ᠤ  ᠪᠦᠯᠬᠦᠮᠳᠡᠯ ᠳᠠᠪᠰᠢᠯᠲᠠ  ᠶᠢᠨ ᠠᠵᠢᠯ ᠢ ᠦᠷᠭᠦᠯᠵᠢᠯᠡᠨ ᠭᠦᠨᠵᠡᠭᠡᠢᠷᠡᠭᠦᠯᠵᠦ᠂ ᠦᠨᠳᠦᠰᠦᠲᠡᠨ ᠨᠦᠭᠦᠳ ᠤᠨ ᠬᠠᠷᠢᠴᠠᠭ᠎ᠠ ᠶᠠᠪᠤᠯᠴᠠᠭ᠎ᠠ ᠶᠢ ᠠᠬᠢᠭᠤᠯᠤᠨ᠂ ᠦᠨᠳᠦᠰᠦᠲᠡᠨ ᠤ  ᠪᠦᠯᠬᠦᠮᠳᠡᠯ ᠳᠠᠪᠰᠢᠯᠲᠠ  ᠶᠢᠨ ᠵᠢᠱᠢᠶ᠎ᠡ ᠦᠵᠡᠭᠦᠯᠬᠦ ᠬᠤᠰᠢᠭᠤ  ᠶᠢ ᠴᠢᠷᠮᠠᠶᠢᠨ ᠪᠠᠶᠢᠭᠤᠯᠬᠤ  ᠬᠡᠷᠡᠭᠲᠡᠢ ᠭᠡᠵᠡᠢ᠃       ᠬᠤᠷᠠᠯ ᠠᠴᠠ᠂ ᠰᠢᠨ᠎ᠡ ᠴᠠᠭ ᠦᠶ᠎ᠡ ᠶᠢᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠳ ᠤᠨ ᠠᠵᠢᠯ ᠢ ᠰᠠᠶᠢᠲᠤᠷ ᠬᠢᠬᠦ  ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ︽ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠣᠯᠠᠨ ᠲᠦᠮᠡᠨ ᠢᠶᠠᠷ ᠭᠤᠣᠯ ᠴᠣᠭᠴᠠ ᠪᠣᠯᠭᠠᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ︾ ᠠᠵᠢᠯ ᠤᠨ ᠲᠤᠭᠲᠠᠴᠠ ᠶᠢ ᠪᠠᠶᠢᠭᠤᠯᠤᠨ  ᠂ ᠬᠥᠳᠡᠭᠡ ᠲᠤᠰᠬᠤᠨ ᠢ  ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠡᠢ᠃       ᠬᠤᠷᠠᠯ ᠠᠴᠠ᠂ ᠠᠵᠢᠯ ᠣᠯᠭᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠡᠷᠢᠭᠦᠨ ᠬᠠᠷᠠᠯᠲᠠ ᠪᠣᠯᠭᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ  ᠲᠥᠷᠥ ᠶᠢᠨ ᠪᠣᠳᠣᠯᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠬᠡᠷᠡᠭᠲᠡᠢ᠃ ᠴᠢᠳᠠᠪᠤᠷᠢᠲᠠᠨ ᠢ ᠤᠷᠢᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠢᠳᠠᠪᠤᠷᠢᠲᠠᠨ ᠢ ᠤᠷᠢᠵᠤ ᠬᠡᠷᠡᠭᠯᠡᠬᠦ ᠠᠵᠢᠯ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ︔ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠲᠡ ᠶᠢ ᠪᠦᠬᠦ ᠬᠦᠴᠦᠨ ᠢᠶᠠᠷ ᠢᠶᠠᠨ ᠳᠠᠮᠵᠢᠨ᠂ ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ  ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠢ  ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号