ᠮᠥᠩᠬᠡ ᠳᠤᠯᠠᠭᠠᠯᠠᠭ᠎ᠠ ᠶᠢᠨ ᠢᠨᠵᠧᠨᠧᠷᠢᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2024/10/17
       10 ᠰᠠᠷ᠎ᠠ ᠶᠢᠨ 9 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ ᠬᠤᠰᠢᠭᠤᠨ ᠳᠠᠷᠤᠭ᠎ᠠ ᠮᠥᠩᠬᠡ ᠳᠤᠯᠠᠭᠠᠯᠠᠭ᠎ᠠ ᠶᠢᠨ ᠢᠨᠵᠧᠨᠧᠷᠢᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠤᠯᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠵᠢᠯ ᠢ ᠪᠠᠶᠢᠴᠠᠭᠠᠨ ᠰᠤᠳᠤᠯᠪᠠ᠃ ᠵᠦ ᠴᠦᠨ ᠶᠦᠩ᠂ ᠳᠤᠪᠳᠤᠨᠰᠡᠩᠭᠡ ᠪᠠᠷ᠎ᠠ ᠪᠣᠯᠵᠣ ᠪᠠᠶᠢᠴᠠᠭᠠᠵᠠᠢ᠃        ᠮᠥᠩᠬᠡ ᠨᠠᠷ ᠤᠷᠢᠳ ᠬᠤᠵᠢᠳ ᠬᠤᠰᠢᠭᠤᠨ ᠤ ᠰᠢᠩ ᠶᠠᠩ ᠳᠤᠯᠠᠭᠠᠯᠠᠭ᠎ᠠ ᠶᠢᠨ ᠺᠣᠮᠫᠠᠨᠢ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠳᠤᠯᠠᠭᠠᠯᠠᠭ᠎ᠠ ᠶᠢᠨ ᠥᠷᠲᠡᠭᠡ ᠵᠡᠷᠭᠡ ᠭᠠᠵᠠᠷ ᠤᠳ ᠲᠤ ᠭᠦᠨᠵᠡᠭᠡᠶᠢᠷᠡᠨ ᠢᠯᠴᠢ ᠬᠠᠩᠭᠠᠬᠤ ᠬᠤᠭᠤᠯᠠᠶ ᠶᠢᠨ ᠲᠤᠤᠷᠵᠢᠯ ᠤᠨ ᠪᠥᠲᠥᠭᠡᠨ ᠪᠠᠶᠢᠭᠤᠯᠤᠯᠲᠠ ᠪᠤᠯᠤᠨ ᠤᠶᠤᠨᠴᠢᠯᠠᠭᠰᠠᠨ ᠳᠤᠯᠠᠭᠠᠯᠠᠭ᠎ᠠ ᠵᠡᠷᠭᠡ ᠲᠠᠯ᠎ᠠ ᠪᠠᠷ ᠨᠠᠷᠢᠯᠢᠭ ᠠᠰᠠᠭᠤᠨ ᠤᠶᠢᠯᠠᠭᠠᠭᠰᠠᠨ ᠪᠠᠶᠢᠨ᠎ᠠ᠃ᠮᠦᠩᠬᠡ ᠴᠢᠩᠭᠠᠳᠬᠠᠭᠰᠠᠨ ᠨᠢ ᠳᠤᠯᠠᠭᠠᠯᠠᠭ᠎ᠠ ᠶᠢᠨ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠣᠭᠲᠠᠭᠠᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠪᠠᠶᠢᠵᠤ᠂ ᠢᠨᠵᠧᠨᠧᠷᠢᠩ ᠢ ᠡᠷᠬᠡᠪᠰᠢ ᠰᠠᠶᠢᠲᠤᠷ ᠬᠡᠷᠡᠭᠵᠢᠭᠦᠯᠥᠨ᠂ ᠦᠨᠡᠨ ᠪᠣᠳᠠᠲᠠᠶ ᠬᠢᠬᠦ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ ᠤᠨ ᠬᠢᠨ ᠶᠡᠭᠡ ᠲᠠᠯ᠎ᠠ ᠶᠢᠨ ᠤᠬᠠᠮᠰᠠᠷ ᠢ ᠪᠣᠶ ᠪᠤᠯᠭᠠᠨ᠂ ᠪᠠᠷᠢᠯᠭ᠎ᠠ ᠶᠢᠨ ᠠᠬᠢᠴᠠ ᠪᠠᠨ ᠲᠦᠷᠭᠡᠳᠬᠡᠵᠦ᠂ ᠳᠤᠯᠠᠭᠠᠯᠠᠭ᠎ᠠ ᠶᠢᠨ ᠪᠠᠲᠤᠯᠠᠭ᠎ᠠ ᠪᠠ ᠳᠤᠯᠠᠭᠠᠯᠠᠭ᠎ᠠ ᠶᠢᠨ ᠲᠤᠤᠷᠵᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠨᠡᠭᠦᠷᠡᠰᠦᠨ ᠤ ᠨᠥᠭᠡᠴᠡ ᠪᠠᠨ ᠴᠢᠩᠭᠠᠳᠬᠠᠨ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠠᠷᠠᠳ ᠤᠯᠠᠨ ᠤ ᠳᠤᠯᠠᠭᠠᠨ ᠲᠠᠪᠠᠲᠠᠢ ᠡᠪᠦᠯᠵᠢᠬᠦ ᠶᠢ ᠵᠠᠪᠠᠯ ᠪᠠᠲᠤᠯᠠᠬᠤ ᠬᠡᠷᠡᠭᠲᠡᠶ ᠭᠡᠵᠡᠢ᠃        ᠮᠥᠩᠬᠡ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠶᠤᠨᠴᠢᠯᠠᠭᠰᠠᠨ ᠳᠤᠯᠠᠭᠠᠯᠠᠭ᠎ᠠ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠵᠦ᠂ ᠤᠶᠤᠨᠴᠢᠯᠠᠭᠰᠠᠨ ᠳᠤᠯᠠᠭᠠᠯᠠᠭ᠎ᠠ ᠶᠢᠨ ᠰᠢᠨ᠎ᠡ ᠮᠡᠷᠭᠡᠵᠢᠯ ᠢ ᠦᠷᠭᠡᠨ ᠢᠶᠠᠷ ᠳᠡᠯᠭᠡᠷᠡᠭᠦᠯᠬᠦ ᠶᠢᠨ ᠬᠠᠮᠲᠤ ᠳᠤᠯᠠᠭᠠᠯᠠᠭ᠎ᠠ ᠶᠢᠨ ᠠᠵᠢᠯ ᠤᠨ ᠠᠮᠤᠷ ᠲᠦᠪᠰᠢᠨ ᠢ ᠰᠠᠶᠢᠲᠤᠷ ᠠᠳᠬᠤᠬᠤ ᠬᠡᠷᠡᠭᠲᠡᠶ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号