ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶ᠎ᠠ 130 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/21
      10 ᠰᠠᠷ᠎ᠠ ᠶᠢᠨ 18 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠮᠥᠩᠬᠡ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶᠠᠨ ᠤ 130 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠂ ᠰᠦᠨ ᠮᠢᠩ ᠲᠤᠤ᠂ ᠾᠧᠦ ᠭᠦᠸᠧ ᠵᠢᠩ᠂ ᠭᠤᠤ ᠶᠦᠩ ᠡᠤ᠂ ᠸᠠᠩ ᠵᠢᠶᠦ᠋ᠨ ᠵᠢᠶᠦ᠋ᠨ᠂ ᠯᠢ ᠶᠠ ᠵᠢᠶᠦ᠋ᠨ᠂ ᠬᠤ᠋ ᠹᠧᠩ ᠶᠠᠨ᠂ ᠭᠧᠩ ᠸᠧᠶ ᠳ᠋ᠦᠩ᠂ ᠵᠦ ᠴᠦᠨ ᠶᠦᠩ᠂ ᠸᠠᠩ ᠶᠢᠩ ᠬᠤᠷᠠᠯ ᠳᠤ ᠣᠷᠣᠯᠴᠠᠵᠤ᠂ ᠯᠢ ᠢᠦᠶ ᠲᠢᠩ᠂ ᠬᠦᠭᠵᠢᠯᠲᠦ ᠬᠤᠷᠠᠯ ᠳᠤ ᠰᠤᠯᠠ ᠣᠷᠣᠯᠴᠠᠵᠠᠶ᠃      ᠬᠤᠷᠠᠯ ᠠᠴᠠ ᠣᠶᠢᠷ᠎ᠠ ᠶᠢᠨ ᠬᠤᠭᠤᠴᠠᠭᠠᠨ ᠳᠠᠬᠢ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ᠂ ᠣᠷᠣᠨ᠂ ᠬᠤᠲᠠ ᠶᠢᠨ ᠬᠠᠮᠢᠶ᠎ᠠ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠤ ᠬᠠᠮᠲᠤ ᠨᠠᠶᠢᠳᠠᠪᠤᠷᠢᠵᠢᠭᠤᠯᠬᠤ ᠠᠵᠢᠯ ᠳᠤ ᠪᠠᠶᠢᠷᠢᠯᠠᠭᠤᠯᠤᠯᠲᠠ ᠬᠢᠪᠡ᠃ ᠬᠤᠷᠠᠯ ᠠᠴᠠ ᠪᠠᠰᠠ ᠬᠡᠰᠡᠭ ᠠᠯᠪᠠᠲᠠᠨ ᠤ ᠲᠤᠰᠢᠶᠠᠯ ᠤᠨ ᠳᠡᠰ ᠳᠡᠪᠰᠢᠬᠦ ᠬᠤᠯᠪᠣᠭᠳᠠᠯ ᠪᠦᠬᠦᠢ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠤᠯᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠨᠢᠭᠡ ᠴᠤᠭᠴᠠᠵᠢᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ᠂ ᠬᠥᠭᠵᠢᠯᠲᠡ ᠪᠣᠯ ᠲᠡᠷᠢᠭᠦᠨ ᠴᠢᠬᠤᠯᠠ ᠡᠭᠦᠷᠭᠡ ᠪᠣᠯᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠵᠢᠯ ᠤᠨ ᠡᠬᠢᠨ ᠳᠤ ᠲᠤᠭᠲᠠᠭᠠᠭᠰᠠᠨ ᠬᠠᠷᠠᠯᠲᠠ ᠶᠢ ᠴᠢᠩᠭ᠎ᠠ ᠠᠩᠬᠠᠷᠴᠤ᠂ ᠦᠨᠡᠨ ᠪᠣᠳᠠᠲᠠᠢ ᠠᠵᠢᠯᠯᠠᠨ᠂ ᠪᠦᠬᠦ ᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠰᠢᠨ᠎ᠡ ᠡᠨᠧᠷᠭᠢ᠂ ᠠᠭᠤᠷᠬᠠᠢ ᠶᠢᠨ ᠡᠬᠢ ᠪᠠᠶᠠᠯᠢᠭ ᠢ ᠨᠡᠶᠢᠳᠭᠡᠨ ᠬᠥᠭᠵᠢᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠲᠠᠰᠤᠷᠠᠯᠲᠠ ᠦᠭᠡᠢ ᠬᠦᠴᠦᠷᠬᠡᠭᠵᠢᠭᠦᠯᠬᠦ ᠬᠡᠷᠡᠭᠲᠡᠢ᠃ ᠠᠵᠤ ᠠᠬᠤᠶᠢᠯᠠᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠷᠢ ᠰᠠᠭᠤᠷᠢ ᠶᠢ ᠴᠢᠩᠭᠠᠳᠬᠠᠨ᠂ ᠠᠵᠤ ᠠᠬᠤᠶᠢᠯᠠᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠶᠡᠭᠡ ᠪᠠᠷ ᠤᠷᠢᠨ ᠠᠪᠴᠢᠷᠠᠵᠤ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃      ᠬᠤᠷᠠᠯ ᠠᠴᠠ᠂ ᠲᠥᠪ᠂ ᠣᠷᠣᠨ ᠂ ᠬᠤᠳᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠡᠭᠦᠷᠭᠡ ᠶᠢ ᠤᠷᠤᠬᠰᠢ ᠠᠬᠢᠭᠤᠯᠬᠤ ᠬᠡᠷᠡᠭᠲᠡᠢ᠃ ᠭᠠᠳᠠᠭᠠᠳᠤ ᠨᠡᠭᠡᠭᠡᠯᠲᠡ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠭᠠᠳᠠᠭᠠᠳᠤ ᠰᠣᠯᠢᠯᠴᠠᠭ᠎ᠠ ᠪᠠ ᠣᠷᠣᠨ ᠪᠦᠰᠡ ᠶᠢᠨ ᠬᠠᠮᠵᠢᠯᠴᠠᠭ᠎ᠠ ᠪᠠᠨ ᠴᠢᠩᠭᠠᠳᠬᠠᠨ᠂ ᠠᠵᠤ ᠠᠬᠤᠶᠢᠯᠠᠯ ᠤᠨ ᠬᠤᠭᠤᠷᠣᠨᠳᠣᠬᠢ ᠬᠠᠮᠲᠤᠷᠠᠯᠴᠠᠭ᠎ᠠ ᠶᠢ ᠢᠳᠡᠪᠬᠢᠲᠡᠢ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠣᠯᠤᠨ ᠬᠠᠪᠰᠤᠷᠤᠨ ᠲᠡᠳᠬᠦᠬᠦ ᠪᠠᠨ ᠴᠢᠩᠭᠠᠳᠬᠠᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠨ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠦᠷᠦᠯ ᠵᠦᠢᠯ ᠤᠨ ᠦᠷ᠎ᠡ ᠠᠰᠢᠭ ᠢ ᠡᠷᠲᠡᠬᠡᠨ ᠪᠠᠳᠠᠷᠠᠭᠤᠯᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ︽ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ ᠪᠠ ︽ᠭᠤᠷᠪᠠ ᠶᠢ ᠨᠢᠭᠡ ᠴᠣᠭᠴᠠᠵᠢᠭᠤᠯᠬᠤ︾ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤ ᠳᠤᠬᠢᠷᠠᠭᠰᠠᠨ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠡᠢ᠃ ᠁       ᠬᠤᠷᠠᠯ ᠠᠴᠠ᠂ ᠲᠡᠦᠬᠡ ᠶᠢᠨ ᠳᠤᠷᠠᠰᠬᠠᠯᠲᠤ ᠵᠦᠢᠯ ᠪᠣᠯᠤᠨ ᠰᠣᠶᠣᠯ ᠤᠨ ᠥᠪ ᠢ ᠬᠠᠮᠠᠭᠠᠯᠠᠵᠤ ᠬᠦᠭᠵᠢᠭᠦᠯᠬᠦ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠠᠷᠠᠳ ᠤᠯᠠᠨ ᠳᠤ ᠠᠰᠢᠭᠲᠠᠢ ᠪᠣᠳᠠᠲᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠡᠢ᠃      ᠬᠤᠷᠠᠯ ᠠᠴᠠ᠂ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠪᠠ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠢ ᠯᠠᠪᠳᠠᠭᠤᠨ ᠪᠠᠲᠤᠲᠠᠢ ᠬᠢᠵᠦ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢ ᠦᠨᠡᠨ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠭᠤᠷᠬᠠᠢ᠂ ᠵᠠᠮ ᠬᠠᠷᠢᠯᠴᠠᠭ᠎ᠠ᠂ ᠠᠰᠠᠷ ᠪᠠᠷᠢᠯᠭ᠎ᠠ᠂ ᠠᠵᠤ ᠦᠢᠯᠡᠳᠪᠦᠷᠢ᠂ ᠠᠷᠠᠯᠵᠢᠶ᠎ᠠ ᠬᠤᠳᠠᠯᠳᠤᠭ᠎ᠠ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠲᠡᠷᠡ ᠳᠠᠷᠤᠢ ᠳᠤᠨᠢ ᠠᠷᠢᠯᠭᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠠᠵᠢᠯᠳᠠᠨ ᠤ ᠶᠠᠪᠤᠳᠠᠯ ᠢ ᠰᠤᠳᠤᠯᠵᠠᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号