ᠮᠠᠨ ᠤ ᠬᠤᠰᠢᠭᠤ ︽ᠲᠠᠪᠤᠨ ᠲᠡᠦᠬᠡ︾ ᠶᠢᠨ ᠰᠤᠷᠤᠯᠴᠠᠯᠭ᠎ᠠ ᠬᠥᠮᠦᠵᠢᠯ ᠪᠤᠯᠤᠨ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠮᠡᠳᠡᠯᠭᠡ ᠶᠢᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/10/21
     10 ᠰᠠᠷ᠎ᠠ ᠶᠢᠨ 18 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠠᠴᠠ ᠭᠤᠤᠯᠯᠠᠨ ᠡᠷᠭᠢᠯᠡᠭᠰᠡᠨ ︽ᠲᠠᠪᠤᠨ ᠲᠡᠤᠬᠡ︾ ᠶᠢᠨ ᠰᠤᠷᠤᠯᠴᠠᠯᠭ᠎ᠠ ᠬᠥᠮᠦᠵᠢᠯ ᠪᠠ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠮᠡᠳᠡᠯᠭᠡ ᠶᠢᠨ ᠤᠷᠤᠯᠳᠤᠭᠠᠨ ᠬᠤᠰᠢᠭᠤᠨ ᠤ ᠲᠣᠭᠯᠠᠯᠲᠠ ᠶᠢᠨ ᠲᠥᠪ ᠲᠤ ᠶᠠᠪᠤᠭᠳᠠᠪᠠ᠃ ᠬᠤ᠋ ᠹᠧᠩ ᠶᠠᠨ ᠠᠵᠢᠯᠯᠠᠭ᠎ᠠ ᠳᠤ ᠤᠷᠤᠯᠴᠠᠨ ᠱᠠᠩᠨᠠᠯ ᠭᠠᠷᠳᠠᠭᠤᠯᠪᠠ᠃      ᠲᠣᠰ ᠤᠳᠠᠭᠠᠨ ᠤ ᠮᠡᠳᠡᠯᠭᠡ ᠶᠢᠨ ᠤᠷᠤᠯᠳᠤᠭᠠᠨ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠪᠥᠬᠦ ᠬᠤᠰᠢᠭᠤᠨ ᠤ 32 ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠪᠠ᠃ ᠤᠷᠤᠯᠳᠤᠭᠠᠨ ᠨᠢ ᠪᠡᠯᠡᠳᠭᠡᠯ ᠤᠷᠤᠯᠳᠤᠭᠠᠨ᠂ ᠰᠢᠢᠳᠪᠦᠷᠢᠲᠦ ᠤᠷᠤᠯᠳᠤᠭᠠᠨ ᠭᠡᠵᠦ ᠬᠤᠶᠠᠷ ᠱᠠᠲᠤ ᠬᠤᠪᠢᠶᠠᠨ᠂ ᠤᠷᠤᠯᠳᠤᠭᠠᠨ ᠤ ᠠᠭᠤᠯᠭ᠎ᠠ ᠳᠤ ᠨᠢ ᠤᠨᠤᠯ ᠤᠨ ᠮᠡᠳᠡᠯᠭᠡ ᠪᠠ ᠬᠠᠤᠯᠢ ᠴᠠᠭᠠᠵᠠ ᠶᠢᠨ ᠮᠡᠳᠡᠯᠭᠡ ᠭᠡᠵᠤ ᠬᠤᠶᠠᠷ ᠬᠡᠰᠡᠭ ᠢ ᠬᠠᠮᠤᠷᠴᠤ᠂ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ ᠪᠤᠯᠤᠨ ᠲᠦᠭᠰᠢᠭᠦᠷᠢ ᠶᠢᠨ ᠰᠡᠳᠦᠪ ᠭᠡᠵᠦ ᠭᠤᠷᠪᠠᠨ ᠭᠤᠭᠴᠤᠭ᠎ᠠ ᠳᠤᠬᠢᠷᠠᠭᠤᠯᠵᠠᠢ᠃      ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠤᠷᠤᠯᠳᠤᠭᠠᠨ ᠤ ᠡᠴᠦᠰ ᠲᠤ ᠣᠨᠴᠠ ᠲᠠᠰ ᠤᠨ ᠱᠠᠩᠨᠠᠯ 1᠂ ᠨᠢᠭᠡᠳᠦᠭᠡᠷ ᠳᠡᠰ ᠤᠨ ᠱᠠᠩᠨᠠᠯ 1᠂ ᠬᠤᠶᠠᠳᠤᠭᠠᠷ ᠳᠡᠰ ᠤᠨ ᠱᠠᠩᠨᠠᠯ 2᠂ ᠭᠤᠷᠪᠠᠳᠤᠭᠠᠷ ᠳᠡᠰ ᠤᠨ ᠱᠠᠩᠨᠠᠯ 4 ᠶᠢ ᠲᠤᠰ ᠲᠤᠰ ᠰᠢᠯᠭᠠᠷᠠᠭᠤᠯᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号