ᠮᠦᠩᠬᠡ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2024/10/21
      10 ᠰᠠᠷ᠎ᠠ ᠶᠢᠨ 17 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠮᠥᠩᠬᠡ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠵᠦ ᠴᠦᠨ ᠶᠦᠩ ᠪᠠᠷ᠎ᠠ ᠪᠤᠯᠠᠵᠤ ᠪᠠᠶᠢᠴᠠᠭᠠᠵᠠᠢ᠃ ᠴᠢᠶᠣᠤ ᠳᠧᠦ ᠪᠠᠯᠭᠠᠰᠤᠨ ᠤ ᠮᠠ ᠵᠢᠶᠠ ᠽᠢ ᠲᠣᠰᠬᠤᠨ ᠳᠤ᠂ ᠮᠥᠩᠬᠡ ᠤᠨᠴᠠᠯᠢᠬᠳᠤ ᠠᠵᠤ ᠦᠢᠯᠡᠰ ᠤᠨ ᠬᠥᠭᠵᠢᠯᠲᠡ᠂ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ᠂ ᠤᠰᠤ ᠤᠮᠳᠠ ᠶᠢᠨ ᠠᠮᠤᠷ ᠲᠦᠪᠰᠢᠨ ᠵᠡᠷᠭᠡ ᠪᠠᠶᠢᠳᠠᠯ ᠢ ᠨᠠᠷᠢᠯᠢᠭ ᠠᠰᠠᠭᠤᠨ ᠣᠶᠢᠯᠠᠭᠠᠪᠠ᠃       ᠮᠥᠩᠬᠡ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠨᠢ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠷᠠᠳ ᠢ ᠪᠠᠶᠠᠵᠢᠭᠤᠯᠬᠤ ᠤᠨᠴᠠᠯᠢᠬᠳᠤ ᠠᠵᠤ ᠦᠢᠯᠡᠰ ᠢ ᠶᠡᠬᠡᠪᠡᠷ ᠬᠦᠭᠵᠢᠭᠦᠯᠥᠨ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠦᠷᠭᠦᠯᠵᠢᠯᠡᠨ ᠦᠷᠭᠡᠳᠭᠡᠬᠦ ᠬᠡᠷᠡᠭᠲᠡᠢ᠃ ︽ᠭᠤᠷᠪᠠᠨ ᠬᠤᠪᠢᠷᠠᠯᠲᠠ︾ ᠶᠢᠨ ᠥᠭᠡᠷᠡᠴᠢᠯᠡᠯᠲᠡ ᠪᠣᠯᠤᠨ ︽ᠭᠤᠷᠪᠠ ᠶᠢ ᠨᠢᠭᠡ ᠴᠤᠬᠴᠠᠵᠢᠭᠤᠯᠬᠤ︾ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠠᠵᠤ ᠠᠬᠤᠢ ᠶᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠡᠢ  ᠃       ᠪᠠᠶᠢᠴᠠᠭᠠᠨ ᠰᠤᠳᠤᠯᠤᠯᠲᠠ ᠶᠢᠨ ᠳᠤᠮᠳᠠ᠂ ᠮᠦᠩᠭᠡ ᠪᠠᠰᠠ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠢ ᠪᠤᠯᠭᠤᠭᠠᠨ ᠲᠤᠬᠤᠨᠢᠭᠤᠯᠵᠤ᠂ ᠲᠡᠳᠡᠨ ᠤ ᠭᠡᠷ ᠪᠦᠯᠢ ᠶᠢᠨ ᠣᠷᠣᠯᠭ᠎ᠠ᠂ ᠠᠵᠢᠯ ᠤᠯᠭᠤᠯᠲᠠ ᠵᠡᠷᠭᠡ ᠪᠠᠶᠢᠳᠠᠯ ᠢ ᠨᠠᠷᠢᠨ ᠤᠶᠢᠯᠠᠭᠠᠭᠰᠠᠨ ᠤ ᠬᠠᠮᠲᠤ ᠦᠨᠳᠦᠰᠦᠨ ᠱᠠᠲᠤᠨ ᠤ ᠺᠠᠳ᠋ᠷᠴᠤᠳ ᠲᠤ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠵᠦ᠂ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠮᠠᠯᠴᠢᠨ ᠲᠠᠷᠢᠶᠠᠴᠢᠳ ᠲᠤ ᠨᠡᠩ ᠤᠯᠠᠨ ᠬᠦᠷᠲᠡᠭᠡᠬᠦ ᠬᠡᠷᠡᠭᠲᠡᠢ ᠭᠡᠵᠦ ᠵᠠᠬᠢᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号