ᠣᠩᠨᠢᠭᠤᠳ ᠬᠤᠰᠢᠭᠤᠨ ᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠥᠬᠦ ᠲᠠᠯ᠎ᠠ ᠪᠠᠷ ᠠᠵᠢᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2024/10/22
        ᠠᠯᠲᠠᠨ ᠨᠠᠮᠤᠷ ᠤᠨ ᠡᠯᠪᠡᠭ ᠬᠤᠷᠢᠶᠠᠯᠲᠠ ᠶᠢᠨ ᠲᠠᠭᠠᠤ᠂ 2024 ᠣᠨ ᠤ 10 ᠰᠠᠷ᠎ᠠ ᠶᠢᠨ 12 ᠤᠨ ᠡᠳᠦᠷ ᠪᠣᠯᠲᠠᠯ᠎ᠠ᠂ ᠪᠥᠬᠦ ᠬᠤᠰᠢᠭᠤᠨ ᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠣᠶ ᠪᠥᠬᠦᠶ ᠲᠥᠷᠥᠯ ᠵᠦᠢᠯ ᠤᠨ ᠣᠷᠣᠨ ᠨᠠᠮᠤᠷ ᠤᠨ ᠤᠯᠠᠷᠢᠯ ᠤᠨ ᠠᠵᠢᠯ ᠢᠶᠠᠨ ᠰᠡᠷᠭᠦᠭᠡᠬᠦ ᠶᠢ ᠪᠥᠬᠦ ᠲᠠᠯ᠎ᠠ ᠪᠠᠷ ᠪᠡᠶᠡᠯᠡᠭᠦᠯᠪᠡ  ᠃ ᠮᠠᠨ ᠤ ᠬᠤᠰᠢᠭᠤ 2024 ᠣᠨ ᠳᠤ 20 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ 4.95 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠬᠠᠭᠤᠷᠠᠶ ᠪᠠᠷ ᠳᠠᠷᠢᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ 12 ᠲᠦᠮᠡᠨ ᠮᠥ᠂ ᠤᠰᠤ ᠠᠷᠪᠢᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 3 ᠲᠦᠮᠡᠨ ᠮᠥ ᠰᠢᠨ᠎ᠡ ᠪᠠᠷ ᠪᠠᠶᠢᠭᠤᠯᠵᠤ᠂ 5 ᠲᠦᠮᠡᠨ ᠮᠥ ᠶᠢ ᠥᠭᠡᠷᠡᠴᠢᠯᠡᠨ ᠳᠡᠭᠡᠭᠰᠢᠯᠡᠭᠦᠯᠵᠦ᠂ 11 ᠰᠤᠮᠤ ᠰᠢᠶᠠᠩ ᠪᠠᠯᠭᠠᠰᠤᠨ ᠤ 37 ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠬᠤᠯᠪᠣᠭᠳᠠᠵᠤ᠂ 1.6 ᠲᠦᠮᠡᠨ ᠡᠷᠦᠬᠡ ᠶᠢᠨ 5.14 ᠲᠦᠮᠡᠨ ᠬᠥᠮᠦᠨ ᠳᠤ ᠠᠰᠢᠭ ᠬᠦᠷᠲᠡᠭᠡᠪᠡ  ᠃ ᠵᠢᠯ ᠤᠨ ᠡᠬᠢᠨ ᠠᠴᠠ ᠨᠠᠰᠢ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠠᠭᠪᠤᠷ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ 2024 ᠣᠨ ᠤ ᠲᠥᠷᠥᠯ ᠵᠦᠢᠯ ᠢ 4 ᠰᠠᠷ᠎ᠠ ᠶᠢᠨ 1 ᠤ ᠡᠳᠦᠷ ᠠᠴᠠ ᠡᠬᠢᠯᠡᠨ ᠪᠥᠲᠥᠭᠡᠨ ᠪᠠᠶᠢᠭᠤᠯᠵᠤ᠂ ︽ᠤᠷᠢᠳᠠᠪᠠᠷ ᠲᠠᠷᠢᠶᠠᠨ ᠭᠠᠵᠠᠷ ᠢ ᠬᠢᠵᠦ᠂ ᠳᠠᠬᠢᠨ ᠬᠠᠭᠤᠷᠠᠶ ᠲᠠᠷᠢᠶᠠᠨ ᠳᠤ ᠠᠵᠢᠯᠯᠠᠬᠤ︾᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠰᠠᠭᠠᠲᠠᠭᠠᠬᠤ ᠥᠬᠡᠶ ᠵᠠᠷᠴᠢᠮ ᠶᠣᠰᠣᠭᠠᠷ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ ᠶᠢ ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ ᠪᠣᠯᠲᠠᠯ᠎ᠠ 11.4 ᠲᠦᠮᠡᠨ ᠮᠥ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠨᠢᠭᠡᠨᠲᠡ ᠪᠡᠶᠡᠯᠡᠭᠦᠯᠵᠦ᠂ 2.25 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ ᠣᠳᠣᠬᠠᠨ ᠳᠤ ᠨᠢᠭᠡᠨᠲᠡ ᠲᠥᠷᠥᠯ ᠵᠦᠢᠯ ᠤᠨ ᠲᠣᠭᠤᠷᠢᠭ ᠶᠣᠰᠣᠭᠠᠷ ᠭᠠᠵᠠᠷ ᠤᠨ ᠲᠠᠰ ᠤᠨ ᠤᠳᠤᠷᠢᠳᠤᠯᠭ᠎ᠠ ᠶᠢᠨ ᠳᠠᠭᠠᠳᠬᠠᠯ ᠢ ᠳᠠᠭᠠᠭᠠᠴᠢᠯᠠᠬᠤ ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ 11 ᠰᠠᠷ᠎ᠠ ᠶᠢᠨ ᠰᠡᠭᠦᠯᠴᠢ ᠪᠠᠷ ᠪᠥᠬᠦ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ ᠪᠡᠶᠡᠯᠡᠭᠦᠯᠬᠦ ᠶᠢ ᠪᠠᠲᠤᠯᠠᠵᠤ᠂ ︽ᠲᠣᠰ ᠵᠢᠯ ᠤᠨ ᠲᠥᠷᠥᠯ ᠵᠦᠢᠯ᠂ ᠲᠣᠰ ᠵᠢᠯ ᠤᠨ ᠠᠵᠢᠯ ᠢᠶᠠᠨ ᠡᠬᠢᠯᠡᠭᠦᠯᠵᠦ᠂ ᠲᠤᠬᠠᠶ ᠶᠢᠨ ᠵᠢᠯ ᠳᠤ ᠪᠠᠶᠢᠭᠤᠯᠵᠤ ᠳᠠᠭᠤᠰᠬᠠᠬᠤ︾ ᠬᠠᠷᠠᠯᠲᠠ ᠶᠢ ᠪᠡᠶᠡᠯᠡᠭᠦᠯᠪᠡ᠃ ᠡᠭᠦᠨ ᠤ ᠬᠠᠮᠲᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠠᠮᠤᠷ ᠤᠨ ᠤᠯᠠᠷᠢᠯ ᠤᠨ ᠪᠠᠷᠢᠯᠭ᠎ᠠ ᠪᠠᠷᠢᠬᠤ ᠶᠠᠪᠤᠴᠠ ᠳᠤ ᠪᠣᠷᠣᠭᠠᠨ ᠤᠰᠤ ᠴᠤᠭᠯᠠᠭᠤᠯᠬᠤ ᠵᠣᠭᠤᠷᠢ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠵᠠᠭᠪᠤᠷ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠭᠠᠵᠠᠷ ᠰᠢᠷᠣᠶ ᠶᠢᠨ ᠡᠵᠡᠩᠨᠡᠯᠲᠡ ᠶᠢᠨ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠪᠠ᠃
 
ᠢᠷᠡᠯᠲᠡ᠄ ᠤᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号