ᠵᠢᠨᠠᠨ ᠬᠤᠲᠠ ᠶᠢᠨ ᠤᠯᠠᠭᠠᠨᠬᠠᠳᠠ ᠶᠢᠨ  ᠠᠷᠠᠯᠵᠢᠶᠠᠴᠢᠳ ᠤᠨ ᠨᠡᠶᠢᠭᠡᠮᠯᠢᠭ ᠤᠨ ᠬᠡᠰᠢᠭᠦᠳ ᠮᠠᠨ ᠤ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/10/23
     10 ᠰᠠᠷ᠎ᠠ ᠶᠢᠨ 22  ᠤ ᠡᠳᠦᠷ᠂ ᠵᠢᠨᠠᠨ ᠬᠤᠲᠠ ᠶᠢᠨ ᠤᠯᠠᠭᠠᠨᠬᠠᠳᠠ ᠶᠢᠨ  ᠠᠷᠠᠯᠵᠢᠶᠠᠴᠢᠳ ᠤᠨ ᠨᠡᠶᠢᠭᠡᠮᠯᠢᠭ ᠤᠨ ᠬᠡᠰᠢᠭᠦᠳ ᠮᠠᠨ ᠤ ᠬᠤᠰᠢᠭᠤᠨ ᠳᠤ ᠢᠷᠡᠵᠦ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠢᠨᠵᠢᠯᠡᠨ  ᠪᠠᠶᠢᠴᠠᠭᠠᠪᠠ  ᠃ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠮᠥᠩᠬᠡ᠂ ᠭᠦᠸᠧ ᠵᠢᠶᠠᠨ ᠪᠦᠯᠦᠭᠯᠡᠯ ᠤᠨ ᠶᠡᠷᠦᠩᠬᠡᠶ ᠵᠠᠬᠢᠷᠤᠯ ᠤᠨ ᠲᠤᠰᠠᠯᠠᠭᠴᠢ᠂ ᠪᠡᠯᠡ ᠣᠷᠣᠭᠤᠯᠤᠯᠲᠠ ᠶᠢᠨ ᠶᠡᠷᠦᠩᠬᠡᠶ ᠬᠢᠨᠠᠭᠴᠢ ᠰᠦᠨ ᠴᠦᠨ ᠶᠠᠩ᠂ ᠵᠢᠨᠠᠨ ᠬᠤᠲᠠ ᠶᠢᠨ ᠤᠯᠠᠭᠠᠨᠬᠠᠳᠠ ᠶᠢᠨ  ᠠᠷᠠᠯᠵᠢᠶᠠᠴᠢᠳ ᠤᠨ ᠨᠡᠶᠢᠭᠡᠮᠯᠢᠭ ᠤᠨ ᠨᠠᠮ ᠤᠨ ᠡᠭᠦᠷ ᠤᠨ ᠱᠦᠵᠢ ᠶᠤᠸᠠᠨ ᡁᠢ ᠮᠢᠨ ᠨᠡᠷ  ᠰᠠᠭᠤᠳᠠᠯ ᠤᠨ ᠬᠤᠷᠠᠯ ᠳᠤ  ᠤᠷᠤᠯᠴᠠᠪᠠ᠃      ᠮᠦᠩᠭᠡ  ᠠᠵᠤ ᠠᠬᠤᠶᠢᠯᠠᠯᠲᠠᠨ ᠨᠠᠷ ᠲᠤ  ᠣᠩᠨᠢᠭᠤᠳ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠭᠤᠣᠯᠯᠠᠭᠴᠢ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ  ᠲᠠᠨᠢᠯᠴᠠᠭᠤᠯᠬᠤ ᠶᠢᠨ ᠬᠠᠮᠲᠤ  ᠬᠥᠳᠡᠭᠡ ᠠᠵᠤ ᠠᠬᠤᠢ ᠶᠢᠨ ᠰᠣᠶᠣᠯ ᠢ ᠪᠡᠶᠡᠴᠢᠯᠡᠨ ᠣᠶᠢᠯᠠᠭᠠᠬᠤ᠂ ᠲᠤᠬᠠᠢ ᠶᠢᠨ ᠲᠠᠯᠠᠪᠠᠢ ᠳᠤ  ᠠᠶᠢᠯᠴᠢᠯᠠᠨ ᠰᠤᠷᠪᠤᠯᠵᠢᠯᠠᠬᠤ᠂ ᠲᠤᠷᠰᠢᠯᠭ᠎ᠠ ᠶᠢ ᠪᠠᠨ ᠰᠣᠯᠢᠯᠴᠠᠨ ᠶᠠᠷᠢᠯᠴᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ  ᠳᠠᠮᠵᠢᠭᠤᠯᠤᠨ᠂ ᠬᠤᠶᠠᠷ ᠭᠠᠵᠠᠷ ᠤᠨ ᠤᠳᠤ ᠦᠶ᠎ᠡ ᠶᠢᠨ ᠬᠥᠳᠡᠭᠡ ᠠᠵᠤ ᠠᠬᠤᠢ ᠪᠣᠯᠤᠨ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠠᠪᠠᠭᠤᠯᠢᠭ ᠡᠬᠢ ᠪᠠᠶᠠᠯᠢᠭ ᠢᠶᠠᠨ ᠬᠠᠷᠢᠯᠴᠠᠨ  ᠨᠦᠬᠦᠪᠥᠷᠢᠯᠡᠵᠥ᠂ ᠬᠤᠶᠠᠷ ᠭᠠᠵᠠᠷ ᠤᠨ ᠠᠷᠠᠳ ᠲᠦᠮᠡᠨ ᠳᠤ ᠬᠠᠮᠲᠤᠪᠠᠷ ᠪᠤᠶᠠᠨ ᠦᠢᠯᠡᠳᠬᠦ ᠶᠢ  ᠬᠦᠰᠡᠭᠰᠡᠨ ᠪᠠᠶᠢᠨ᠎ᠠ᠃ ᠲᠡᠷᠡ ᠪᠠᠰᠠ ᠶᠠᠷᠢᠶᠠᠨ ᠳᠠᠭᠠᠨ ᠣᠩᠨᠢᠭᠤᠳ ᠬᠤᠰᠢᠭᠤ   ᠨᠢ ᠥᠩᠭᠡᠷᠡᠭᠰᠡᠨ ᠲᠠᠢ ᠪᠠᠨ ᠠᠳᠠᠯᠢ ᠪᠠᠷ ᠠᠵᠤ ᠠᠬᠤᠶᠢᠯᠠᠯ ᠤᠨ ᠬᠥᠭᠵᠢᠯᠲᠡ ᠳᠤ ᠨᠡᠩ ᠤᠯᠠᠨ ᠲᠦᠬᠦᠮ ᠦᠵᠡᠭᠦᠯᠵᠦ᠂  ᠠᠷᠠᠯᠵᠢᠶ᠎ᠠ ᠡᠵᠡᠩᠨᠡᠬᠦ ᠨᠡᠩ ᠰᠠᠶᠢᠨ ᠣᠷᠴᠢᠨ ᠲᠣᠭᠤᠷᠢᠨ ᠢ ᠪᠤᠢ ᠪᠣᠯᠭᠠᠨ᠎ᠠ ᠭᠡᠵᠦ ᠵᠢᠭᠠᠵᠤ ᠭᠠᠷᠭᠠᠪᠠ᠃       ᠵᠢᠨᠠᠨ ᠬᠤᠲᠠ ᠶᠢᠨ ᠤᠯᠠᠭᠠᠨᠬᠠᠳᠠ ᠶᠢᠨ ᠠᠷᠠᠯᠵᠢᠶᠠᠴᠢᠳ ᠤᠨ ᠨᠡᠶᠢᠭᠡᠮᠯᠢᠭ ᠤᠨ  ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠠᠪᠴᠠᠩ ᠤᠨ ᠳᠠᠪᠠᠭᠤᠯᠢᠭ  ᠪᠣᠯᠣᠨ ᠬᠥᠲᠥᠯᠦᠨ ᠳᠠᠭᠠᠭᠤᠯᠬᠤ ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠨᠤᠲᠤᠭ ᠤᠰᠤᠨ ᠤ ᠪᠠᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠬᠥᠭᠦᠷᠭᠡ ᠬᠤᠯᠪᠣᠭᠠᠰᠤ ᠪᠣᠯᠵᠣ᠂ ᠨᠠᠷᠢᠯᠢᠭ ᠣᠨᠣᠴᠠᠲᠠᠶ ᠪᠠᠷ ᠣᠯᠠᠨ ᠬᠦᠷᠢᠶᠡᠨ ᠳᠤ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ ᠣᠩᠨᠢᠭᠤᠳ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ  ᠭᠡᠪᠡ᠃      ᠸᠠᠩ ᠵᠢᠶᠦ᠋ᠨ ᠵᠢᠶᠦ᠋ᠨ᠂ ᠵᠦ ᠴᠦᠨ ᠶᠦᠩ ᠵᠡᠷᠭᠡ ᠤᠳᠤᠷᠢᠳᠤᠯᠭ᠎ᠠ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号