ᠬᠤᠰᠢᠭᠤᠨ ᠳᠡᠳ᠋ ᠳᠠᠷᠤᠭ᠎ᠠ ᠴᠠᠭᠠᠨᠪᠠᠭᠠᠲᠤᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/10/23
      ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠶᠢᠨ ᠲᠥᠯᠥᠭᠡ᠂ 10 ᠰᠠᠷ᠎ᠠ ᠶᠢᠨ 16 ᠤ ᠡᠳᠦᠷ᠂ ᠬᠤᠰᠢᠭᠤᠨ ᠳᠡᠳ᠋ ᠳᠠᠷᠤᠭ᠎ᠠ ᠴᠠᠭᠠᠨᠪᠠᠭᠠᠲᠤᠷ ᠡᠤ ᠹᠧᠨ ᠳ᠋ᠢ ᠪᠠᠯᠭᠠᠰᠤᠨ ᠳᠤ ᠭᠦᠨᠵᠡᠭᠡᠶᠢᠷᠡᠵᠥ ᠲᠤᠬᠠᠶ ᠶᠢᠨ ᠭᠠᠵᠠᠷ ᠲᠤᠨᠢ ᠱᠠᠭᠠᠷᠳᠠᠨ ᠵᠢᠯᠤᠭᠤᠳᠪᠠ  ᠃      ᠬᠤᠰᠢᠭᠤᠨ ᠳᠡᠳ᠋ ᠳᠠᠷᠤᠭ᠎ᠠ ᠴᠠᠭᠠᠨᠪᠠᠭᠠᠲᠤᠷ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠲᠠᠯ᠎ᠠ ᠪᠠᠷ ᠤᠶᠢᠯᠠᠭᠠᠪᠠ᠃ ᠡᠰᠢ ᠰᠦᠷᠡᠯ ᠢ ᠬᠤᠷᠢᠶᠠᠨ ᠵᠦᠭᠡᠭᠡᠪᠥᠷᠢᠯᠡᠵᠥ ᠪᠠᠶᠢᠬᠤ᠂ ᠪᠠᠷᠢᠯᠭ᠎ᠠ ᠶᠢᠨ ᠲᠥᠬᠦᠭᠡᠷᠦᠮᠵᠢ᠂ ᠬᠦᠮᠥᠨ ᠬᠠᠷ᠎ᠠ ᠶᠢᠨ ᠪᠡᠯᠡᠳᠬᠡᠯ ᠪᠠ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠵᠡᠷᠭᠡ ᠠᠵᠢᠯ ᠢ ᠪᠠᠶᠢᠴᠠᠭᠠᠨ ᠦᠵᠡᠪᠡ᠃ ᠡᠯ᠎ᠡ ᠤᠳᠤᠷᠢᠳᠬᠤ ᠳᠤᠭᠤᠶᠢᠯᠠᠩ᠂ ᠠᠬᠢᠭᠤᠯᠬᠤ ᠳᠤᠭᠤᠶᠢᠯᠠᠩ᠂ ᠬᠢᠨᠠᠯᠲᠠ ᠲᠠᠯᠪᠢᠬᠤ ᠳᠤᠭᠤᠶᠢᠯᠠᠩ ᠤᠨ ᠠᠵᠢᠯ ᠥᠷᠨᠢᠭᠦᠯᠦᠭᠰᠡᠨ ᠪᠠᠶᠢᠳᠠᠯ ᠢ ᠱᠠᠭᠠᠷᠳᠠᠨ ᠵᠢᠯᠣᠭᠤᠳᠴᠤ᠂ ᠠᠵᠢᠯᠲᠠᠨ ᠤ ᠠᠵᠢᠯ ᠤᠨ ᠪᠠᠶᠢᠷᠢ ᠳᠤ ᠬᠦᠷᠴᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠪᠠᠷᠢᠯᠭ᠎ᠠ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ᠂ ᠪᠠᠷᠢᠯᠭ᠎ᠠ ᠶᠢᠨ ᠡᠳᠦᠷ ᠤᠨ ᠲᠡᠮᠳᠡᠭᠯᠡᠯ ᠪᠠ ᠲᠤᠬᠠᠶ ᠶᠢᠨ ᠲᠠᠯᠠᠪᠤᠷ ᠤᠨ ᠮᠠᠰᠢᠨ ᠲᠥᠬᠦᠭᠡᠷᠦᠮᠵᠢ ᠳᠤ ᠭᠦᠨᠵᠡᠭᠡᠶ ᠪᠠᠶᠢᠴᠠᠭᠠᠯᠲᠠ ᠬᠢᠪᠠ᠃       ᠬᠢᠨᠠᠨ ᠵᠢᠯᠣᠭᠤᠳᠴᠤ ᠪᠠᠶᠢᠴᠠᠭᠠᠬᠤ ᠶᠠᠪᠤᠴᠠ ᠳᠤ᠂ ᠬᠤᠰᠢᠭᠤᠨ ᠳᠡᠳ᠋ ᠳᠠᠷᠤᠭ᠎ᠠ ᠴᠠᠭᠠᠨᠪᠠᠭᠠᠲᠤᠷ ᠠᠴᠠ ᠴᠢᠬᠤᠯᠠᠴᠢᠯᠠᠭᠰᠠᠨ ᠨᠢ᠂ ᠡᠯ᠎ᠡ ᠪᠠᠷᠢᠯᠭ᠎ᠠ ᠶᠢᠨ ᠨᠢᠭᠡᠴᠡ ᠡᠯ᠎ᠡ ᠬᠡᠰᠡᠭ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠲᠤᠳᠤᠷᠬᠠᠢ ᠡᠵᠡᠮᠰᠢᠵᠥ᠂ ᠨᠠᠷᠢᠨ ᠲᠣᠳᠣᠷᠬᠠᠶ ᠲᠥᠯᠥᠪᠯᠡᠭᠡ ᠲᠤᠭᠳᠠᠭᠠᠨ᠂ ᠮᠠᠰᠢᠨ ᠲᠥᠬᠦᠭᠡᠷᠦᠮᠵᠢ ᠶᠢ ᠢᠯᠡᠭᠦᠬᠡᠨ ᠰᠢᠯᠵᠢᠭᠦᠯᠥᠨ ᠬᠡᠷᠡᠭᠯᠡᠵᠥ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠠᠵᠢᠯᠲᠠᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠶ ᠠᠳᠬᠤᠬᠤ ᠬᠡᠷᠡᠭᠲᠡᠶ᠃ ᠡᠯ᠎ᠡ ᠬᠢᠨᠠᠨ ᠬᠠᠮᠢᠶᠠᠷᠬᠤ ᠨᠢᠭᠡᠴᠡ᠂ ᠪᠦᠬᠦ ᠶᠠᠪᠤᠴᠠ ᠶᠢ ᠮᠥᠷᠳᠡᠨ ᠳᠠᠭᠠᠭᠠᠵᠤ ᠬᠢᠨᠠᠨ ᠬᠠᠮᠢᠶᠠᠷᠬᠤ ᠶᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ︽ᠣᠩᠨᠢᠭᠤᠳ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ︿ᠳᠠᠬᠢᠨ ᠪᠠᠶᠢᠴᠠᠭᠠᠬᠤ﹀ ᠪᠠ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ ᠲᠠᠪᠤᠨ ᠶᠡᠭᠡ ᠭᠤᠭᠴᠤᠭ᠎ᠠ ᠶᠢᠨ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠵᠤ᠂ ᠠᠵᠢᠯᠲᠠᠨ ᠢ ᠭᠦᠢᠴᠡᠳ ᠲᠤᠬᠢᠷᠠᠭᠤᠯᠤᠨ᠂ ᠨᠠᠷᠢᠨ ᠲᠠᠩᠰᠠ ᠲᠠᠢ ᠬᠠᠷᠢᠴᠠᠭᠤᠯᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠳᠤᠭᠳᠠᠭᠠᠨ ᠬᠡᠷᠡᠭᠵᠢᠭᠦᠯᠬᠦ ᠬᠡᠷᠡᠭᠲᠡᠶ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号