ᠮᠠᠨ ᠤ ᠬᠤᠰᠢᠭᠤ ᠬᠠᠶᠠᠭᠳᠠᠮᠠᠯ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ ᠲᠤᠬᠠᠶ ᠶᠢᠨ ᠲᠠᠯᠠᠪᠠᠶ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/25
     10 ᠰᠠᠷ᠎ᠠ ᠶᠢᠨ 24 ᠤ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠡᠷᠭᠢᠯᠡᠭᠰᠡᠨ 2024 ᠣᠨ ᠤ ᠨᠠᠮᠤᠷ ᠤᠨ ᠤᠯᠠᠷᠢᠯ ᠤᠨ ᠬᠠᠶᠠᠭᠳᠠᠮᠠᠯ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ ᠲᠤᠬᠠᠶ ᠶᠢᠨ ᠲᠠᠯᠠᠪᠤᠷ ᠤᠨ ᠬᠤᠷᠠᠯ ᠭᠤᠳᠠᠭᠠᠷ ᠬᠦᠩ ᠪᠠᠯᠭᠠᠰᠤᠨ ᠳᠤ ᠶᠠᠪᠤᠭᠳᠠᠵᠤ᠂ ᠬᠤᠰᠢᠭᠤᠨ ᠳᠡᠳ᠋ ᠳᠠᠷᠤᠭ᠎ᠠ ᠴᠠᠭᠠᠨᠪᠠᠭᠠᠲᠤᠷ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠬᠠᠮᠢᠶ᠎ᠠ ᠪᠥᠬᠦᠶ ᠰᠠᠯᠠᠭ᠎ᠠ ᠮᠦᠴᠢᠷ ᠤᠳ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠰᠦᠯᠢᠶᠣᠣ ᠪᠦᠷᠬᠦᠪᠴᠢ ᠶᠢ ᠲᠠᠷᠢᠶᠠᠨ ᠭᠠᠵᠠᠷ ᠲᠤ ᠬᠡᠷᠡᠭᠯᠡᠬᠦ ᠶᠢ ᠵᠤᠭᠰᠤᠭᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠪᠠᠶᠢᠷᠢᠯᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠪᠥᠬᠦ ᠬᠤᠰᠢᠭᠤᠨ ᠤ ᠬᠠᠶᠠᠭᠳᠠᠮᠠᠯ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ ᠭᠡᠵᠡᠢ᠃      ᠬᠤᠷᠠᠯ ᠳᠡᠭᠡᠷ᠎ᠡ᠂ ᠤᠯᠠᠭᠠᠨᠬᠠᠳᠠ ᠬᠤᠲᠠ ᠶᠢᠨ ᠰᠢᠶᠤᠤ ᠹᠠᠨ ᠲᠠᠷᠢᠶᠠᠯᠠᠩ ᠤᠨ ᠮᠠᠰᠢᠨ ᠤ ᠬᠢᠵᠠᠭᠠᠷᠲᠤ ᠺᠣᠮᠫᠠᠨᠢ᠂ ᠸᠧᠶ ᠹᠠᠩ ᠤᠨ ᠵᠢᠶᠤᠤ ᠨᠧᠩ ᠲᠠᠷᠢᠶᠠᠯᠠᠩ ᠤᠨ ᠮᠠᠰᠢᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠳ ᠠᠴᠠ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠮᠠᠰᠢᠨ ᠲᠤᠨᠤᠭ ᠤᠨ ᠠᠵᠢᠯᠯᠠᠬᠤ ᠣᠭ ᠶᠣᠰᠣ ᠶᠢ ᠲᠠᠨᠢᠯᠴᠠᠭᠤᠯᠤᠭᠰᠠᠨ ᠤ ᠬᠠᠮᠲᠤ ᠬᠤᠷᠠᠯ ᠳᠤ ᠣᠷᠣᠯᠴᠠᠭᠰᠠᠨ ᠲᠠᠷᠢᠶᠠᠴᠢᠨ ᠡᠷᠦᠬᠡ ᠳᠤ ᠮᠡᠷᠭᠡᠵᠢᠯ ᠤᠨ ᠵᠢᠯᠣᠭᠤᠳᠤᠯᠭ᠎ᠠ ᠬᠢᠵᠦ᠂ ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠢᠢᠳᠪᠦᠷᠢᠯᠡᠬᠦ ᠳᠤ ᠮᠡᠷᠭᠡᠵᠢᠯ ᠤᠨ ᠳᠡᠮᠵᠢᠯᠭᠡ ᠬᠠᠩᠭᠠᠭᠰᠠᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号