ᠮᠠᠨ ᠤ ᠬᠤᠰᠢᠭᠤ  ᠴᠡᠷᠢᠭ ᠠᠴᠠ ᠬᠠᠯᠠᠭᠳᠠᠭᠰᠠᠳ  ᠲᠤ  ᠶᠠᠪᠤᠳᠠᠯ ᠡᠷᠬᠢᠯᠡᠬᠦ  ᠪᠦᠷᠢᠨ  ᠦᠢᠯᠡᠴᠢᠯᠡᠭᠡ  ᠬᠠᠩᠭᠠᠬᠤ  ᠬᠡᠯᠪᠡᠷᠢ ᠶᠢ  ᠬᠡᠷᠡᠭᠵᠢᠭᠦᠯᠵᠥ ᠡᠬᠢᠯᠡᠪᠡ
ᠨᠡᠶᠢᠲᠡᠯᠡᠭᠰᠡᠨ ᠴᠠᠭ᠄
2024/10/25
      ᠣᠶᠢᠷ᠎ᠠ ᠳᠤ᠂  ᠮᠠᠨ ᠤ  ᠬᠤᠰᠢᠭᠤ ᠴᠡᠷᠢᠭ  ᠠᠴᠠ ᠬᠠᠯᠠᠭᠳᠠᠭᠰᠠᠳ ᠤᠨ ︽ᠨᠢᠭᠡ  ᠶᠠᠪᠤᠳᠠᠯ ᠢ ᠨᠢᠭᠡᠯᠡ ᠤᠳᠠᠭ᠎ᠠ   ᠳᠤ  ᠡᠷᠬᠢᠯᠡᠵᠥ  ᠳᠠᠭᠤᠰᠬᠠᠬᠤ︾   ᠦᠢᠯᠡᠴᠢᠯᠡᠭᠡᠨ ᠤ ᠰᠠᠭᠤᠷᠢᠨ ᠳᠡᠭᠡᠷ᠎ᠡ  ᠦᠢᠯᠡᠴᠢᠯᠡᠭᠡ ᠪᠠᠨ ᠤᠯᠠᠮ ᠨᠢᠭᠡ ᠰᠠᠶᠢᠵᠢᠷᠠᠭᠤᠯᠤᠨ ᠶᠠᠪᠤᠳᠠᠯ ᠡᠷᠬᠢᠯᠡᠬᠦ  ᠪᠦᠷᠢᠨ  ᠦᠢᠯᠡᠴᠢᠯᠡᠭᠡ  ᠬᠠᠩᠭᠠᠬᠤ  ᠬᠡᠯᠪᠡᠷᠢ ᠶᠢ  ᠬᠡᠷᠡᠭᠵᠢᠭᠦᠯᠵᠥ ᠡᠬᠢᠯᠡᠭᠰᠡᠨ ᠠᠴᠠ  ᠴᠡᠷᠢᠭ  ᠠᠴᠠ ᠬᠠᠯᠠᠭᠳᠠᠭᠰᠠᠳ ᠲᠤ  ᠬᠤᠷᠳᠤᠨ‌‍ᠲ᠋ᠦ᠋ᠷᠭᠡᠨ᠂ ᠳᠥᠭᠦᠮ ᠳᠥᠲᠡ᠂ ᠥᠨᠳᠥᠷ ᠪᠦᠲᠦᠮᠵᠢᠲᠡᠶ ᠰᠢᠯᠢᠳᠡᠭ ᠦᠢᠯᠡᠴᠢᠯᠡᠭᠡ ᠶᠢ ᠦᠨᠡᠨ ᠬᠦ  ᠬᠦᠷᠲᠡᠭᠡᠭᠰᠡᠨ ᠪᠠᠶᠢᠨ᠎ᠠ᠃      ᠮᠠᠨ ᠤ ᠬᠤᠰᠢᠭᠤ ᠥᠨᠳᠥᠷ ᠪᠦᠲᠦᠮᠵᠢᠲᠡᠶ ᠪᠠᠷ ᠤᠴᠢᠷ ᠶᠠᠪᠤᠳᠠᠯ  ᠰᠢᠢᠳᠪᠥᠷᠢᠯᠡᠬᠦ ᠣᠶᠢᠯᠠᠭᠠᠭᠳᠠᠬᠤᠨ ᠢ  ᠦᠷᠭᠦᠯᠵᠢ ᠶᠢᠨ ᠴᠢᠨᠠᠷᠳᠠᠢ  ᠳᠤᠭᠤᠰᠢᠯᠠᠭᠤᠯᠵᠤ᠂ ᠣᠯᠠᠨ ᠰᠠᠯᠠᠭ᠎ᠠ ᠮᠥᠴᠢᠷ ᠲᠠᠢ ᠬᠤᠯᠪᠣᠭᠠᠯᠠᠨ᠂ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠬᠢᠨᠠᠨ ᠵᠥᠪᠰᠢᠶᠡᠷᠡᠬᠦ ᠶᠢ ᠰᠢᠯᠢᠳᠡᠭᠵᠢᠭᠦᠯᠦᠨ᠂ ᠶᠠᠪᠤᠴᠠ ᠶᠢ ᠵᠢᠷᠤᠮᠵᠢᠭᠤᠯᠵᠤ᠂ ᠴᠡᠷᠢᠭ ᠠᠴᠠ ᠬᠠᠯᠠᠭᠳᠠᠭᠰᠠᠳ ᠲᠤ  ᠬᠤᠷᠳᠤᠨ ᠲᠦᠷᠭᠡᠨ᠂ ᠳᠥᠭᠦᠮ ᠳᠥᠲᠡ᠂ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ  ᠬᠠᠩᠭᠠᠭᠰᠠᠨ ᠪᠠᠶᠢᠨ᠎ᠠ᠃ ᠣᠳᠣᠬᠠᠨ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠴᠡᠷᠢᠭ  ᠠᠴᠠ ᠬᠠᠯᠠᠭᠳᠠᠭᠰᠠᠳ ᠤᠨ ᠰᠠᠭᠠᠳ ᠥᠬᠡᠶ ᠨᠡᠪᠲᠡᠷᠡᠬᠦ  3 ᠴᠣᠩᠬᠤᠪᠴᠢ ᠶᠢ  ᠨᠡᠬᠡᠭᠡᠵᠥ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠰᠦᠯᠵᠢᠶᠡᠨ ᠤ ︽ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾  ᠴᠤᠩᠬᠤᠪᠴᠢ   ᠶᠢ  ᠠᠰᠢᠭᠯᠠᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠵᠤ᠂ ᠮᠠᠲ᠋ᠧᠷᠢᠶᠠᠯ ᠢ ᠨᠢᠭᠡ ᠯᠡ ᠤᠳᠠᠭ᠎ᠠ ᠳᠤ ᠲᠤᠰᠢᠶᠠᠬᠤ᠂ ᠣᠯᠠᠨ ᠵᠦᠢᠯᠡᠰ ᠢ ᠵᠡᠷᠭᠡ ᠪᠠᠷ ᠭᠦᠢᠴᠡᠳᠬᠡᠬᠦ ᠶᠢ  ᠪᠡᠶᠡᠯᠡᠭᠦᠯᠵᠥ᠂ ᠪᠦᠷᠢᠨ ᠦᠢᠯᠡᠴᠢᠯᠡᠭᠡ ᠶᠢᠨ ᠦᠢᠯᠡᠳᠥᠯ ᠢ ᠪᠠᠳᠠᠷᠠᠭᠤᠯᠵᠤ ᠡᠬᠢᠯᠡᠭᠰᠡᠨ ᠪᠠᠶᠢᠨ᠎ᠠ᠃    
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号