︽ᠦᠨᠳᠦᠰᠦᠲᠡᠨ  ᠪᠦᠬᠦᠨ  ᠪᠦᠯᠬᠦᠮᠳᠡᠨ ᠬᠠᠮᠲᠤᠪᠠᠷ ᠡᠷᠡᠯᠬᠡᠭᠯᠡᠨ ᠤᠷᠤᠭᠰᠢᠯᠠᠵᠤ ᠂ ᠰᠡᠳᠬᠢᠯ ᠨᠢᠭᠡᠳᠦᠨ ᠨᠠᠮ  ᠢᠶᠠᠨ ᠳᠠᠭᠠᠵᠤ ᠢᠷᠠᠭᠤ ᠬᠠᠭᠤᠳᠠᠰᠤ ᠶᠢ  ᠪᠢᠴᠢᠭᠯᠡᠨᠡᠮ  ᠭᠡᠬᠦ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ  ᠪᠡᠯᠭᠡᠯᠡᠬᠦ︾ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ  ᠤᠨ ᠦᠵᠡᠰᠭᠦᠯᠡᠩ  ᠡᠬᠢᠯᠡᠯᠳᠡ ᠶᠢᠨ ᠬᠦᠰᠢᠭᠡ ᠪᠠᠨ ᠨᠡᠬᠡᠭᠡᠪᠡ
ᠨᠡᠶᠢᠲᠡᠯᠡᠭᠰᠡᠨ ᠴᠠᠭ᠄
2024/10/9
       9 ᠰᠠᠷ᠎ᠠ ᠶᠢᠨ 29 ᠤ ᠡᠳᠦᠷ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ  ᠪᠡᠯᠭᠡᠯᠡᠬᠦ  ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠤᠨ ᠦᠵᠡᠰᠬᠦᠯᠡᠩ ᠬᠤᠰᠢᠭᠤᠨ ᠤ ᠰᠣᠶᠣᠯ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠲᠤ ᠡᠬᠢᠯᠡᠪᠡ᠃       ᠮᠥᠩᠬᠡ᠂ ᠯᠢ ᠢᠦᠢ ᠲᠢᠩ᠂ ᠬᠥᠭᠵᠢᠯᠲᠦ ᠵᠡᠷᠭᠡ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ  ᠦᠵᠡᠰᠭᠦᠯᠡᠩ ᠢ ᠲᠣᠭᠤᠷᠢᠨ ᠦᠵᠡᠪᠡ᠃       ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠦᠭᠵᠢᠯᠲᠦ ᠪᠠᠶᠠᠷ ᠤᠨ ᠦᠭᠡ ᠳᠡᠭᠡᠨ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠦᠵᠡᠰᠬᠦᠯᠡᠩ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠪᠠ ᠠᠷᠠᠳ ᠤᠨ ᠤᠯᠤᠰ ᠲᠥᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ‍ ᠨᠢᠭᠡ ᠤᠳᠠᠭᠠᠨ ᠤ ᠰᠣᠶᠣᠯ ᠤᠨ ᠦᠪᠡᠳᠡᠭᠰᠢ ᠨᠠᠶᠢᠷ  ᠪᠣᠯᠬᠤ ᠶᠣᠮ  ᠃  ᠦᠵᠡᠰᠭᠦᠯᠡᠩ ᠢᠶᠠᠷ ᠳᠠᠮᠵᠢᠨ ᠤᠷᠠᠯᠢᠭᠴᠢᠳ ᠤᠷᠠᠨ ᠪᠢᠴᠢᠯᠭᠡ ᠪᠠᠷ ᠢᠶᠠᠨ ᠡᠬᠡ ᠣᠷᠣᠨ ᠢᠶᠠᠨ  ᠬᠠᠶᠢᠷᠠᠯᠠᠭᠰᠠᠨ᠂ ᠦᠨᠳᠦᠰᠦᠲᠡᠨ ᠤ ᠪᠦᠯᠬᠦᠮᠳᠡᠯ ᠢ ᠮᠠᠭᠲᠠᠨ  ᠰᠠᠶᠢᠰᠢᠶᠠᠭᠰᠠᠨ ᠪᠠ ᠰᠠᠶᠢᠨ ᠰᠠᠶᠢᠬᠠᠨ ᠠᠮᠢᠳᠤᠷᠠᠯ  ᠢ ᠬᠦᠰᠡᠨ  ᠡᠷᠡᠮᠡᠯᠵᠡᠯᠡᠭᠰᠡᠨ ᠰᠡᠳᠬᠢᠯᠭᠡ ᠪᠠᠨ  ᠢᠯᠡᠳᠬᠡᠵᠡᠢ᠃ ᠪᠥᠬᠦ ᠬᠤᠰᠢᠭᠤᠨ ᠤ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠬᠡᠰᠢᠭᠦᠳ ᠪᠣᠯᠤᠨ ᠨᠡᠶᠢᠭᠡᠮ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠣᠯᠠᠨ ᠲᠦᠮᠡᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠦᠨᠳᠦᠰᠦᠲᠡᠨ ᠤ ᠣᠮᠤᠭ ᠪᠠᠭ᠋ᠠᠳᠤᠯᠲᠤ ᠰᠡᠳᠬᠢᠯᠭᠡ ᠶᠢ ᠪᠠᠨ ᠴᠢᠩᠭᠠᠷᠠᠭᠤᠯᠤᠨ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠠᠮᠲᠤ ᠪᠠᠷ ᠪᠦᠯᠬᠦᠮᠳᠡᠨ ᠲᠡᠮᠡᠴᠡᠬᠦ᠂ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ ᠬᠦᠴᠦᠷᠬᠡᠭ ᠶᠡᠭᠡ ᠬᠠᠮᠲᠤᠷᠠᠯ   ᠤᠨ ᠬᠦᠴᠦᠨ ᠢ  ᠪᠦᠷᠢᠯᠳᠥᠭᠦᠯᠵᠥ᠂ ᠠᠷᠠᠳ ᠢ ᠪᠠᠶᠠᠵᠢᠭᠤᠯᠤᠨ ᠬᠤᠰᠢᠭᠤ ᠪᠠᠨ ᠬᠦᠴᠦᠷᠬᠡᠭᠵᠢᠭᠦᠯᠬᠦ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠬᠦ ᠶᠢ  ᠬᠦᠰᠡᠨ ᠱᠠᠭᠠᠷᠳᠠᠭᠰᠠᠨ ᠪᠠᠶᠢᠨ᠎ᠠ᠃        ᠲᠣᠰ ᠤᠳᠠᠭᠠᠨ ᠤ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠨᠢ ︽ᠦᠨᠳᠦᠰᠦᠲᠡᠨ  ᠪᠦᠬᠦᠨ  ᠪᠦᠯᠬᠦᠮᠳᠡᠨ ᠬᠠᠮᠲᠤᠪᠠᠷ ᠡᠷᠡᠯᠬᠡᠭᠯᠡᠨ ᠤᠷᠤᠭᠰᠢᠯᠠᠵᠤ  ᠂ ᠰᠡᠳᠬᠢᠯ ᠨᠢᠭᠡᠳᠦᠨ ᠨᠠᠮ  ᠢᠶᠠᠨ ᠳᠠᠭᠠᠵᠤ ᠢᠷᠠᠭᠤ ᠬᠠᠭᠤᠳᠠᠰᠤ ᠶᠢ  ᠪᠢᠴᠢᠭᠯᠡᠨᠡᠮ︾ ᠭᠡᠬᠦ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠤᠬᠡ ᠶᠢᠨ ᠵᠥᠪᠯᠡᠯ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠪᠣᠯᠤᠨ ᠯᠤᠤᠳᠤ ᠨᠤᠲᠤᠭ ᠰᠣᠶᠣᠯ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠲᠠᠢ ᠬᠤᠯᠪᠣᠭᠠᠯᠠᠨ ᠬᠠᠮᠲᠤ ᠪᠠᠷ  ᠡᠷᠬᠢᠯᠡᠭᠰᠡᠨ ᠶᠤᠮ᠃  ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ  ᠬᠡᠰᠢᠭᠦᠳ ᠪᠣᠯᠤᠨ ᠣᠩᠨᠢᠭᠤᠳ ᠨᠤᠲᠤᠭ ᠲᠠᠢ ᠤᠷᠠᠨ ᠪᠢᠴᠢᠯᠭᠡ ᠤᠷᠠᠨ ᠵᠢᠷᠤᠭ ᠬᠡᠷᠡᠯ ᠵᠢᠷᠤᠭ ᠲᠤ ᠪᠠᠭ᠋ᠠᠲᠠᠶ ᠬᠥᠮᠦᠰ ᠢᠳᠡᠪᠬᠢᠲᠡᠶ ᠴᠤᠤᠷᠢᠶᠠᠲᠤᠨ ᠣᠷᠣᠯᠴᠠᠵᠤ᠂ ᠤᠷᠠᠨ ᠪᠢᠴᠢᠯᠭᠡ᠂ ᠬᠢᠲᠠᠳ ᠵᠢᠷᠤᠭ᠂ ᠲᠣᠰᠣᠨ ᠵᠢᠷᠤᠭ᠂ ᠬᠡᠷᠡᠯ ᠵᠢᠷᠤᠭ ᠵᠡᠷᠭᠡ ᠠᠳᠠᠯᠢ ᠪᠤᠰᠤ ᠤᠷᠠᠯᠢᠭ ᠤᠨ ᠲᠥᠷᠥᠯ ᠤᠨ 260 ᠭᠠᠷᠤᠶ ᠪᠦᠲᠦᠭᠡᠯ ᠢ ᠴᠤᠭᠯᠠᠭᠤᠯᠤᠨ ᠳᠡᠯᠭᠡᠨ ᠦᠵᠡᠭᠦᠯᠵᠦ᠂ ᠣᠩᠨᠢᠭᠤᠳ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯᠤᠨ ᠠᠵᠤ ᠠᠬᠤᠶ ᠨᠡᠶᠢᠭᠡᠮ  ᠵᠡᠷᠭᠡ ᠣᠯᠠᠨ ᠬᠦᠷᠢᠶᠡᠨ ᠳᠤ ᠣᠯᠤᠭᠰᠠᠨ ᠬᠡᠷᠡᠯ ᠰᠠᠴᠤᠷᠠᠩᠭᠤᠶ ᠠᠮᠵᠢᠯᠲᠠ ᠶᠢ ᠲᠥᠪᠯᠡᠷᠡᠭᠦᠯᠦᠨ ᠳᠡᠯᠭᠡᠨ ᠦᠵᠡᠭᠦᠯᠵᠦ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ   ᠤᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ᠂ ᠡᠬᠡ ᠤᠯᠤᠰ ᠲᠠᠢ ᠪᠠᠨ ᠬᠠᠮᠲᠤ ᠪᠠᠷ ᠤᠷᠤᠭᠰᠢᠯᠠᠭᠰᠠᠨ ᠡᠬᠡ ᠣᠷᠣᠨᠴᠢ ᠰᠡᠳᠬᠢᠯᠭᠡ ᠶᠢ  ᠢᠯᠡᠳᠬᠡᠪᠡ᠃        ᠲᠣᠰ ᠤᠳᠠᠭᠠᠨ ᠤ ᠦᠵᠡᠰᠬᠦᠯᠡᠩ ᠤᠨ ᠠᠵᠢᠯᠯᠠᠭ᠎ᠠ ᠨᠢ  ᠤᠩᠨᠢᠭᠤᠳ ᠨᠤᠲᠤᠭ ᠤᠨ ᠬᠥᠪᠡᠭᠦᠳ ᠥᠬᠢᠳ ᠤᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠣᠶᠤᠨ ᠤᠬᠠᠭᠠᠨ ᠪᠠ ᠬᠦᠴᠦᠨ ᠴᠢᠳᠠᠯ  ᠢᠶᠠᠨ ᠨᠢᠭᠲᠠᠷᠠᠭᠤᠯᠤᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠦᠷ ᠳᠠᠯᠠᠶᠢᠴᠠᠲᠠᠶ ᠠᠭᠤᠷ ᠠᠮᠢᠰᠬᠤᠯ ᠢ ᠢᠯᠡᠷᠡᠭᠦᠯᠪᠡ᠃      ᠰᠦᠨ ᠮᠢᠩ ᠲᠤᠤ᠂ ᠬᠤ᠋ ᠹᠧᠩ ᠶᠠᠨ᠂ ᠵᠦ ᠴᠦᠨ ᠶᠦᠩ᠂  ᠳᠤᠪᠳᠤᠨᠰᠡᠩᠭᠡ᠂ ᠰᠠᠶᠢᠨᠪᠠᠲᠤ᠂ ᠶᠠᠩ ᠪᠦᠦ ᠰᠧᠨ᠂ ᠰᠦᠨ ᠶᠠᠨ ᠬᠤᠩ᠂ ᠵᠠᠩ ᠯᠢ ᠵᠡᠷᠭᠡ ᠤᠳᠤᠷᠢᠳᠤᠯᠭ᠎ᠠ ᠦᠵᠡᠰᠬᠦᠯᠡᠩ ᠢ ᠰᠣᠨᠢᠷᠬᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号