ᠪᠥᠬᠦ ᠬᠤᠰᠢᠭᠤᠨ ᠤ ᠠᠵᠢᠯᠲᠠᠨ ᠠᠵᠢᠯᠴᠢᠨ ᠤ ᠬᠤᠪᠢᠰᠬᠠᠯᠳᠤ ᠳᠠᠭᠤᠤ ᠦᠨᠳᠦᠰᠦᠲᠡᠨ ᠤ ᠪᠥᠵᠢᠭ ᠤᠨ ᠤᠷᠤᠯᠳᠤᠭᠠᠨ ᠬᠤᠰᠢᠭᠤᠨ ᠤ ᠲᠣᠭᠯᠠᠯᠲᠠ ᠶᠢᠨ ᠲᠥᠪ ᠲᠤ ᠶᠠᠪᠤᠭᠳᠠᠪᠠ
ᠨᠡᠶᠢᠲᠡᠯᠡᠭᠰᠡᠨ ᠴᠠᠭ᠄
2024/10/9
      ᠤᠶᠢᠷ᠎ᠠ ᠶᠢᠨ ᠡᠳᠥᠷ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠠᠴᠠ ᠭᠤᠤᠯᠯᠠᠨ ᠡᠷᠭᠢᠯᠡᠭᠰᠡᠨ ︽ᠳᠤᠮᠳᠠᠳᠤ ᠶᠢᠨ ᠵᠡᠭᠦᠳᠦ · ᠬᠥᠳᠡᠯᠮᠦᠷᠢ ᠰᠠᠶᠢᠬᠠᠨ - ᠰᠡᠳᠬᠢᠯ ᠨᠢᠭᠡᠳᠦᠨ  ᠨᠠᠮ ᠢᠶᠠᠨ ᠳᠠᠭᠠᠵᠤ  ᠂ ᠨᠠᠮ ᠤᠨ ᠠᠴᠢ  ᠳᠤ ᠲᠠᠯᠠᠷᠬᠨ᠂ ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠶ᠎ᠠ︾ ᠭᠡᠬᠦ ᠪᠥᠬᠦ ᠬᠤᠰᠢᠭᠤᠨ ᠤ ᠠᠵᠢᠯᠲᠠᠨ ᠠᠵᠢᠯᠴᠢᠨ ᠤ  ᠬᠤᠪᠢᠰᠬᠠᠯᠳᠣ ᠳᠠᠭᠤᠤ ᠵᠢᠴᠢ ᠦᠨᠳᠦᠰᠦᠲᠡᠨ ᠤ ᠪᠥᠵᠢᠭ ᠤᠨ ᠤᠷᠤᠯᠳᠤᠭᠠᠨ ᠬᠤᠰᠢᠭᠤᠨ ᠤ ᠲᠣᠭᠯᠠᠯᠲᠠ ᠶᠢᠨ ᠲᠥᠪ ᠲᠤ ᠶᠠᠪᠤᠭᠳᠠᠪᠠ᠃       ᠬᠤᠪᠢᠰᠬᠠᠯᠳᠣ ᠳᠠᠭᠤᠤ ᠶᠢᠨ ᠤᠷᠤᠯᠳᠤᠭᠠᠨ ᠳᠤ᠂  ᠣᠷᠣᠯᠴᠠᠭᠰᠠᠳ  ᠣᠷᠭᠢᠯᠤᠮ᠎ᠠ ᠬᠠᠯᠠᠭᠤᠨ ᠰᠡᠳᠬᠢᠯᠭᠡ ᠪᠠᠷ  ︽ᠦᠨᠳᠦᠰᠦᠲᠡᠨ ᠨᠦᠭᠦᠳ ᠤᠨ ᠬᠥᠪᠡᠭᠦᠳ ᠥᠬᠢᠳ ᠨᠠᠮ ᠢᠶᠠᠨ   ᠲᠠᠭᠠᠨ ᠤᠷᠤᠭᠰᠢᠯᠠᠬᠤ︾᠂ ︽ᠤᠯᠠᠭᠠᠨ ᠲᠤᠭ ᠨᠠᠮᠢᠷᠠᠬᠤ︾  ᠵᠡᠷᠭᠡ  ᠬᠤᠪᠢᠰᠬᠠᠯᠳᠣ ᠳᠠᠭᠤᠤ ᠨᠤᠭᠤᠳ  ᠢ  ᠳᠠᠭᠤᠯᠠᠵᠤ᠂ ᠪᠥᠬᠦ ᠬᠤᠰᠢᠭᠤᠨ ᠤ ᠥᠷᠭᠡᠨ ᠣᠯᠠᠨ ᠠᠵᠢᠯᠲᠠᠨ  ᠠᠵᠢᠯᠴᠢᠨ ᠤ ᠡᠷᠡᠰ ᠭᠤᠶᠢᠪᠢᠰᠢ ᠥᠬᠡᠶ ᠪᠠᠷ ᠨᠠᠮ ᠢᠶᠠᠨ   ᠲᠠᠭᠠᠨ ᠬᠦᠴᠦᠯᠡᠨ ᠴᠢᠷᠮᠠᠶᠢᠬᠤ᠂ ᠢᠳᠡᠪᠬᠢᠲᠡᠶ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃        ᠦᠨᠳᠦᠰᠦᠲᠡᠨ ᠤ ᠪᠥᠵᠢᠭ ᠤᠨ ᠤᠷᠤᠯᠳᠤᠭᠠᠨ  ᠳᠤ ᠣᠷᠣᠯᠴᠠᠭᠰᠠᠨ ᠡᠯ᠎ᠡ ᠲᠥᠯᠥᠭᠡᠯᠡᠭᠴᠢᠳ ᠤᠨ ᠠᠩᠭᠢ ᠭᠤᠶᠢᠳᠠ ᠰᠠᠶᠢᠬᠠᠨ  ᠬᠤᠪᠴᠠᠰᠤ  ᠵᠠᠰᠠᠯ᠂  ᠢᠷᠠᠭᠤ ᠰᠠᠶᠢᠬᠠᠨ ᠪᠥᠵᠢᠭ ᠤᠨ ᠳᠦᠷᠢ ᠲᠥᠷᠬᠦ   ᠪᠠᠷ ᠢᠶᠠᠨ  ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠣᠶᠣᠯ ᠤᠨ ᠥᠪᠡᠷᠮᠢᠴᠡ ᠷᠢᠳᠢ ᠰᠢᠳᠢ ᠶᠢ ᠭᠦᠢᠴᠡᠳ  ᠢᠯᠡᠷᠡᠭᠦᠯᠪᠡ᠃       ᠲᠣᠰ ᠤᠳᠠᠭᠠᠨ ᠤ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠪᠥᠬᠦ ᠬᠤᠰᠢᠭᠤᠨ ᠤ ᠠᠵᠢᠯᠲᠠᠨ ᠠᠵᠢᠯᠴᠢᠨ ᠳᠤ ᠠᠪᠢᠶᠠᠰ ᠴᠢᠳᠠᠪᠤᠷᠢ ᠪᠠᠨ  ᠢᠯᠡᠷᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂  ᠲᠡᠳᠡᠨᠠᠷ ᠤᠨ  ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ  ᠪᠠ ᠪᠦᠯᠬᠦᠮᠳᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠬᠤ ᠠᠤᠭ᠎ᠠ ᠬᠦᠴᠦᠨ ᠢ ᠬᠥᠭᠵᠢᠭᠡᠪᠡ᠃       ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠤᠳᠤᠨᠴᠢᠮᠡᠭ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠠᠶᠢᠨᠪᠠᠲᠤ  ᠱᠠᠩᠨᠠᠯ ᠭᠠᠷᠳᠠᠭᠤᠯᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号