ᠠᠷᠠᠳ ᠤᠨ ᠶᠠᠪᠤᠳᠠᠯ ᠤᠨ ᠶᠠᠮᠤᠨ ᠤ ᠨᠡᠶᠢᠭᠡᠮ ᠤᠨ ᠶᠠᠪᠤᠳᠠᠯ ᠤᠨ ᠵᠤᠷᠭᠠᠨ ᠤ ᠪᠠᠶᠢᠴᠠᠭᠠᠨ ᠰᠤᠳᠤᠯᠬᠤ ᠲᠤᠭᠤᠶᠢᠯᠠᠩ ᠮᠠᠨ ᠤ ᠬᠤᠰᠢᠭᠤᠨ ᠳᠤ ᠢᠷᠡᠵᠦ  ᠤᠷᠤᠭ ᠬᠤᠷᠢᠮ ᠤᠨ ᠵᠠᠩ ᠦᠢᠯᠡ ᠶᠢᠨ ᠦᠭᠡᠷᠡᠴᠢᠯᠡᠯᠳᠡ ᠶᠢᠨ ᠠᠵᠢᠯ ᠢ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2024/10/9
       9 ᠰᠠᠷ᠎ᠠ ᠶᠢᠨ 29 ᠤ ᠡᠳᠦᠷ᠂ ᠠᠷᠠᠳ ᠤᠨ ᠶᠠᠪᠤᠳᠠᠯ ᠤᠨ ᠶᠠᠮᠤᠨ ᠤ ᠨᠡᠶᠢᠭᠡᠮ ᠤᠨ ᠶᠠᠪᠤᠳᠠᠯ ᠤᠨ ᠵᠤᠷᠭᠠᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠶᠠᠩ ᠽᠦᠩ ᠲᠤᠤ ᠨᠠᠷ ᠮᠠᠨ ᠤ ᠬᠤᠰᠢᠭᠤᠨ ᠳᠤ ᠢᠷᠡᠵᠦ ᠤᠷᠤᠭ ᠬᠤᠷᠢᠮ ᠤᠨ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ  ᠵᠢᠯᠤᠭᠤᠳᠪᠠ᠃  ᠬᠤᠰᠢᠭᠤᠨ  ᠳᠡᠳ᠋ ᠳᠠᠷᠤᠭ᠎ᠠ ᠸᠠᠩ ᠶᠦᠩ ᠯᠢ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠰᠢᠭᠤᠨ ᠤ ᠣᠷᠤᠭ ᠳᠠᠩᠰᠠᠯᠠᠬᠤ ᠦᠢᠯᠡᠴᠢᠯᠡᠭᠡᠨ ᠤ ᠲᠥᠪ᠂  ᠣᠪᠣᠭ᠎ᠠ ᠠᠭᠤᠯᠠᠨ ᠳᠠᠬᠢ ᠨᠠᠮ ᠤᠨ ᠪᠠᠶᠢᠭᠤᠯᠤᠯᠲᠠ  ᠪᠠᠷ  ᠤᠷᠤᠭ ᠬᠤᠷᠢᠮ ᠤᠨ ᠰᠣᠶᠣᠯ ᠤᠨ ᠥᠭᠡᠷᠡᠴᠢᠯᠡᠯᠲᠡ ᠶᠢ ᠵᠢᠯᠤᠭᠤᠳᠬᠤ ᠰᠠᠭᠤᠷᠢᠨ ᠭᠠᠵᠠᠷ᠂ ᠣᠷᠤᠭ ᠤᠨ ᠳᠠᠩᠰᠠᠯᠠᠯ ᠤᠨ ᠦᠨᠡᠮᠯᠡᠯ ᠣᠯᠭᠤᠬᠤ ᠰᠠᠭᠤᠷᠢᠨ ᠭᠠᠵᠠᠷ ᠵᠡᠷᠭᠡ ᠳᠤ ᠬᠦᠷᠴᠦ᠂ ᠮᠠᠨ ᠤ ᠬᠤᠰᠢᠭᠤᠨ ᠤ  ᠤᠷᠤᠭ ᠬᠤᠷᠢᠮ ᠤᠨ ᠥᠭᠡᠷᠡᠴᠢᠯᠡᠯᠲᠡ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ  ᠬᠦᠷᠴᠥ ᠣᠶᠢᠯᠠᠭᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠨ᠎ᠡ ᠪᠠᠷ  ᠪᠠᠶᠢᠭᠤᠯᠬᠤ ᠭᠡᠵᠥ ᠪᠠᠶᠢᠭ᠎ᠠ ᠤᠷᠤᠭ ᠳᠠᠩᠰᠠᠯᠠᠬᠤ ᠦᠢᠯᠡᠴᠢᠯᠡᠭᠡᠨ ᠤ  ᠲᠥᠪ ᠤᠨ ᠲᠥᠯᠥᠪᠵᠢᠭᠦᠯᠦᠨ ᠵᠢᠷᠤᠵᠤ  ᠲᠦᠯᠥᠪᠯᠡᠭᠡ᠂ ᠡᠯ᠎ᠡ  ᠠᠵᠢᠯ ᠤᠨ ᠲᠤᠭᠤᠷᠢᠭ ᠤᠨ ᠪᠠᠶᠢᠷᠢᠯᠠᠭᠤᠯᠤᠯᠲᠠ ᠪᠠ  ᠤᠷᠤᠭ ᠬᠤᠷᠢᠮ ᠤᠨ ᠵᠠᠩ ᠦᠢᠯᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠤᠨ ᠣᠯᠤᠭᠰᠠᠨ  ᠱᠠᠲᠤᠴᠢ ᠴᠢᠨᠠᠷᠲᠠᠶ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃       ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠤᠷᠤᠭ ᠬᠤᠷᠢᠮ ᠤᠨ ᠵᠠᠩ ᠦᠢᠯᠡ ᠶᠢᠨ ᠥᠭᠡᠷᠡᠴᠢᠯᠡᠯᠲᠡ ᠪᠣᠯ ᠨᠡᠶᠢᠭᠡᠮ ᠤᠨ ᠪᠣᠯᠪᠠᠰᠤᠨ ᠤ ᠪᠠᠶᠢᠭᠤᠯᠤᠯᠲᠠ ᠶᠢᠨ ᠵᠠᠩᠭᠢᠯᠠᠭ᠎ᠠ ᠶᠢᠨ ᠭᠤᠭᠴᠤᠭ᠎ᠠ ᠮᠥᠨ  ᠃ ᠠᠷᠠᠳ ᠤᠨ ᠠᠮᠢᠳᠤᠷᠠᠯ ᠤᠨ ᠠᠵᠠ ᠵᠢᠷᠭᠠᠯ ᠪᠠ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠲᠠᠢ ᠬᠤᠯᠪᠣᠭᠳᠠᠬᠤ ᠶᠡᠭᠡ ᠶᠠᠪᠤᠳᠠᠯ ᠮᠥᠨ᠃ ᠣᠩᠨᠢᠭᠤᠳ ᠬᠤᠰᠢᠭᠤ  ᠦᠨᠳᠦᠰᠦᠲᠡᠨ ᠤ ᠰᠣᠶᠣᠯ ᠤᠨ ᠥᠪᠡᠷᠮᠢᠴᠡ ᠡᠬᠢ ᠪᠠᠶᠠᠯᠢᠭ ᠬᠢᠭᠡᠳ ᠭᠠᠵᠠᠷ ᠣᠷᠣᠨ ᠤ ᠳᠠᠪᠠᠭᠤᠯᠢᠭ ᠲᠠᠭᠠᠨ ᠰᠠᠭᠤᠷᠢᠯᠠᠨ᠂ ᠥᠪᠡᠷᠮᠢᠴᠡ ᠣᠨᠴᠠᠯᠢᠭ ᠲᠠᠢ  ᠤᠷᠤᠭ ᠬᠤᠷᠢᠮ ᠤᠨ ᠶᠠᠪᠤᠳᠠᠯ ᠤᠨ ᠰᠣᠶᠣᠯ ᠤᠨ ᠦᠵᠡᠭᠳᠡᠯ ᠢ ᠡᠭᠦᠳᠴᠦ᠂ ᠤᠷᠤᠭ ᠤᠨ ᠬᠠᠮᠢᠶᠠᠷᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ ᠰᠢᠯᠢᠳᠡᠭ ᠤᠯᠠᠮᠵᠢᠯᠠᠯᠲᠤ  ᠤᠷᠤᠭ ᠬᠤᠷᠢᠮ  ᠤᠨ  ᠵᠠᠩ ᠦᠢᠯᠡ ᠶᠢᠨ ᠰᠣᠶᠣᠯ ᠢ ᠪᠠᠳᠠᠷᠠᠭᠤᠯᠤᠨ ᠤᠯᠠᠮᠵᠢᠯᠠᠬᠤ  ᠬᠡᠷᠡᠭᠳᠡᠢ᠃ ᠵᠠᠯᠠᠭᠤᠴᠤᠳ ᠤᠨ  ᠪᠣᠳᠠᠲᠠᠢ ᠬᠡᠷᠡᠭᠴᠡᠭᠡ ᠶᠢ ᠣᠨᠣᠪᠴᠢᠲᠠᠢ ᠡᠵᠡᠮᠳᠡᠵᠦ᠂ ᠤᠷᠤᠭ ᠬᠤᠷᠢᠮ ᠤᠨ  ᠵᠠᠩ ᠦᠢᠯᠡ ᠶᠢᠨ ᠰᠣᠶᠣᠯ ᠤᠨ  ᠲᠠᠯ᠎ᠠ ᠪᠠᠷ ᠰᠢᠨ᠎ᠡ ᠶᠢ ᠡᠭᠦᠳᠴᠦ᠂  ᠥᠭᠡᠷᠡᠴᠢᠯᠡᠯᠲᠡ ᠶᠢ ᠭᠦᠨᠵᠡᠭᠡᠢ  ᠠᠬᠢᠭᠤᠯᠤᠨ᠂ ᠰᠢᠨ᠎ᠡ  ᠬᠡᠯᠪᠡᠷᠢ ᠪᠠᠷ ᠡᠷᠬᠢᠯᠡᠨ  ᠂ ᠳᠦᠭᠦᠮ ᠠᠪᠰᠠᠷᠬᠠᠨ ᠡᠷᠬᠢᠯᠡᠵᠥ᠂ ᠰᠢᠨ᠎ᠡ ᠴᠠᠭ ᠦᠶ᠎ᠡ ᠶᠢᠨ ᠪᠣᠯᠪᠠᠰᠤᠨ  ᠤᠷᠤᠭ ᠬᠤᠷᠢᠮ ᠤᠨ ᠵᠠᠩ  ᠦᠢᠯᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ ᠭᠡᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号