| | ᠡᠨᠡ ᠵᠢᠯ ᠤᠨ 9 ᠰᠠᠷ᠎ᠠ ᠶᠢᠨ 30 ᠤ ᠡᠳᠦᠷ ᠪᠣᠯ ᠮᠠᠨ ᠤ ᠤᠯᠤᠰ ᠤᠨ 11 ᠳᠠᠬᠢ ᠦᠷᠡᠭᠳᠡᠭᠰᠡᠨ | ᠪᠠᠭᠠᠲᠤᠷᠴᠤᠳ ᠤᠨ ᠳᠤᠷᠠᠰᠬᠠᠯ ᠤᠨ ᠡᠳᠦᠷ ᠪᠣᠯᠤᠨ᠎ᠠ᠃ ᠲᠤᠰ ᠡᠳᠦᠷ ᠤᠨ ᠦᠳᠡ ᠶᠢᠨ ᠡᠮᠦᠨ᠎ᠡ᠂ ᠮᠠᠨ ᠤ | ᠬᠤᠰᠢᠭᠤ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠲᠠᠯᠠᠪᠠᠢ ᠳᠤ ᠦᠷᠡᠭᠳᠡᠭᠰᠡᠨ ᠪᠠᠭᠠᠲᠤᠷᠴᠤᠳ ᠲᠤ | ᠴᠡᠴᠡᠭ ᠬᠦᠷᠭᠡᠬᠦ ᠶᠣᠰᠣᠯᠠᠯ ᠶᠠᠪᠤᠭᠤᠯᠵᠤ᠂ ᠦᠷᠡᠭᠳᠡᠭᠰᠡᠨ ᠪᠠᠭᠠᠲᠤᠷᠴᠤᠳ ᠤᠨ ᠪᠠᠯᠠᠷᠠᠰᠢ ᠦᠭᠡᠢ ᠭᠠᠪᠢᠶ᠎ᠠ ᠵᠢᠳᠬᠦᠯ ᠢ | ᠳᠤᠷᠠᠰᠤᠨ ᠰᠠᠨᠠᠭᠠᠯᠵᠠᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠪᠣᠯᠤᠨ ᠠᠭᠤᠤ ᠶᠡᠭᠡ | ᠦᠨᠳᠦᠰᠦᠲᠡᠨ ᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠪᠠ᠃ ᠮᠥᠩᠬᠡ᠂ ᠯᠢ ᠢᠦᠢ ᠲᠢᠩ ᠵᠡᠷᠭᠡ | ᠤᠳᠤᠷᠢᠳᠤᠯᠭ᠎ᠠ ᠶᠣᠰᠣᠯᠠᠯ ᠳᠤ ᠣᠷᠣᠯᠴᠠᠵᠠᠢ᠃ | ᠦᠳᠡ ᠶᠢᠨ ᠡᠮᠦᠨᠡᠬᠢ 9 ᠴᠠᠭ ᠲᠤ᠂ ᠰᠠᠭᠰᠤᠳᠤ ᠴᠡᠴᠡᠭ ᠬᠦᠷᠭᠡᠬᠦ ᠶᠣᠰᠣᠯᠠᠯ ᠡᠬᠢᠯᠡᠵᠦ᠂ | ᠤᠯᠠᠨ ᠢᠶᠠᠷ ᠢᠶᠠᠨ ᠲᠦᠪ ᠵᠤᠭᠰᠤᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠳᠠᠭᠤᠤ | ︾ ᠶᠢ ᠬᠠᠩᠭᠢᠨᠠᠲᠠᠯ᠎ᠠ ᠳᠠᠭᠤᠯᠠᠪᠠ᠃ | ᠳᠠᠷᠠᠭ᠎ᠠ ᠨᠢ᠂ ᠪᠦᠬᠦ ᠬᠥᠮᠦᠰ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠨᠠᠮᠠᠨᠴᠢᠯᠠᠨ ᠭᠠᠰᠢᠭᠤᠳᠠᠪᠠ᠃ | ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ︽ᠪᠢᠳᠡ ᠪᠣᠯ ᠡᠪ ᠬᠠᠮᠲᠤ ᠶᠣᠰᠣᠨ ᠤ ᠵᠠᠯᠭᠠᠮᠵᠢᠯᠠᠭᠴᠢ | ᠮᠥᠨ︾ ᠭᠡᠬᠦ ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ | ᠬᠦᠨᠳᠦᠳᠬᠡᠨ ᠪᠢᠰᠢᠷᠡᠵᠦ ᠪᠠᠶᠢᠭ᠎ᠠ ᠪᠠ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠪᠡ᠃ | ︽ᠴᠡᠴᠡᠭ ᠬᠦᠷᠭᠡᠬᠦ ᠠᠶᠠᠰ︾ ᠢ ᠳᠠᠭᠠᠯᠳᠤᠨ᠂ 4 ᠶᠣᠰᠣᠯᠠᠯ ᠤᠨ ᠴᠡᠷᠢᠭ ᠰᠠᠭᠰᠤᠳᠤ ᠴᠡᠴᠡᠭ ᠳᠠᠮᠨᠠᠨ᠂ | ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠵᠦᠭ ᠠᠯᠭᠤᠷᠬᠠᠨ ᠤᠷᠤᠭᠰᠢᠯᠠᠵᠤ᠂ | ᠰᠠᠭᠰᠤᠳᠤ ᠴᠡᠴᠡᠭ ᠢ ᠳᠤᠷᠠᠰᠬᠠᠯ ᠤᠨ ᠬᠦᠰᠢᠶ᠎ᠡ ᠶᠢᠨ ᠡᠮᠦᠨ᠎ᠡ ᠲᠠᠯᠪᠢᠪᠠ᠃ ᠮᠦᠩᠭᠡ ᠵᠡᠷᠭᠡ ᠬᠤᠰᠢᠭᠤᠨ ᠤ | ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠰᠠᠭᠰᠤᠳᠤ ᠴᠡᠴᠡᠭ ᠳᠡᠭᠡᠷᠡᠬᠢ ᠲᠣᠷᠭᠠᠨ ᠪᠦᠰᠡ ᠶᠢ ᠨᠠᠷᠢᠨ | ᠨᠢᠮᠪᠠᠶ ᠡᠮᠬᠢᠯᠡᠵᠦ᠂ ᠳᠤᠷᠠᠰᠤᠨ ᠰᠠᠨᠠᠭᠠᠯᠵᠠᠬᠤ ᠰᠡᠳᠬᠢᠯᠭᠡ ᠪᠠᠨ ᠢᠯᠡᠳᠬᠡᠪᠡ᠃ ᠡᠯ᠎ᠡ ᠦᠨᠳᠦᠰᠦᠲᠡᠨ ᠡᠯ᠎ᠡ | ᠡᠲᠡᠭᠡᠳ ᠤᠨ ᠤᠯᠠᠨ ᠲᠦᠮᠡᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠪᠣᠯᠤᠨ ᠦᠷᠡᠭᠳᠡᠭᠰᠡᠨ | ᠪᠠᠭᠠᠲᠤᠷᠴᠤᠳ ᠤᠨ ᠨᠡᠷᠡᠲᠦ ᠬᠦᠰᠢᠶ᠎ᠠ ᠶᠢ ᠲᠡᠰ ᠳᠠᠷᠠᠭᠠᠯᠠᠨ ᠪᠠᠷᠠᠯᠠᠵᠤ᠂ ᠴᠡᠴᠡᠭ ᠬᠦᠷᠭᠡᠪᠡ᠃ | ᠥᠷᠭᠡᠨ ᠣᠯᠠᠨ ᠺᠠᠳ᠋ᠷ ᠣᠯᠠᠨ ᠲᠦᠮᠡᠨ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠵᠣᠷᠢᠭ | ᠰᠠᠨᠠᠭ᠎ᠠ ᠶᠢ ᠵᠠᠯᠭᠠᠮᠵᠢᠯᠠᠵᠤ᠂ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠣᠭ ᠰᠠᠨᠠᠭ᠎ᠠ ᠪᠠᠨ ᠥᠯᠥ | ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠠᠷᠠᠳ ᠢ ᠪᠠᠶᠠᠵᠢᠭᠤᠯᠤᠨ ᠬᠤᠰᠢᠭᠤ ᠪᠠᠨ ᠬᠦᠴᠦᠷᠬᠡᠭᠵᠢᠭᠦᠯᠬᠦ | ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ ᠴᠥᠬᠦᠷᠡᠰᠢ ᠥᠬᠡᠶ ᠲᠡᠮᠡᠴᠡᠨ᠎ᠡ | ᠭᠡᠵᠦ ᠢᠯᠡᠳᠬᠡᠪᠡ᠃ |