ᠮᠠᠨ ᠤ ᠬᠤᠰᠢᠭᠤᠨ ᠤ ᠳᠤᠯᠤᠭᠠᠳᠠᠬᠢ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠠᠶᠢᠯᠠᠰᠤ ᠪᠠᠯᠭᠠᠰᠤᠨ ᠳᠤ  ᠶᠠᠪᠤᠭᠳᠠᠪᠠ
ᠨᠡᠶᠢᠲᠡᠯᠡᠭᠰᠡᠨ ᠴᠠᠭ᠄
2024/10/9
       9 ᠰᠠᠷ᠎ᠠ ᠶᠢᠨ 30 ᠤ ᠡᠳᠦᠷ᠂  ᠮᠠᠨ ᠤ ᠬᠤᠰᠢᠭᠤᠨ ᠤ ᠳᠤᠯᠤᠭᠠᠳᠠᠬᠢ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠠᠶᠢᠯᠠᠰᠤ ᠪᠠᠯᠭᠠᠰᠤᠨ ᠤ ᠨᠡᠭᠦᠳᠡᠯ ᠮᠠᠯᠵᠢᠯ ᠤᠨ ᠦᠵᠡᠮᠵᠢ ᠶᠢᠨ ᠣᠷᠣᠨ ᠳᠤ ᠡᠬᠢᠯᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ᠂ ᠬᠤᠰᠢᠭᠤᠨ  ᠳᠠᠷᠤᠭ᠎ᠠ ᠮᠥᠩᠬᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠢᠦᠶ ᠲᠢᠩ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠰᠦᠨ ᠮᠢᠩ ᠲᠤᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠦ ᠴᠦᠨ ᠶᠦᠩ᠂ ᠬᠤᠰᠢᠭᠤᠨ  ᠳᠡᠳ᠋ ᠳᠠᠷᠤᠭ᠎ᠠ ᠴᠠᠭᠠᠨᠪᠠᠭᠠᠲᠤᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠪᠦᠦ ᠰᠧᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃       ᠡᠬᠢᠯᠡᠯᠲᠡ ᠶᠢᠨ ᠶᠣᠰᠣᠯᠠᠯ ᠳᠡᠭᠡᠷ᠎ᠡ᠂ ᠮᠥᠩᠬᠡ ᠵᠡᠷᠭᠡ ᠤᠳᠤᠷᠢᠳᠤᠯᠭ᠎ᠠ ᠪᠥᠬᠦ ᠬᠤᠰᠢᠭᠤᠨ ᠤ ᠰᠢᠯᠢᠳᠡᠭ ᠲᠠᠷᠢᠶᠠᠴᠢᠨ ᠤ ᠲᠥᠯᠥᠭᠡᠯᠡᠭᠴᠢ ᠪᠠ ᠲᠠᠷᠢᠶᠠᠯᠠᠩ ᠤᠨ ᠠᠵᠢᠯᠲᠠᠨ ᠤ ᠲᠥᠯᠥᠭᠡᠯᠡᠭᠴᠢ ᠳᠤ ᠢᠷᠠᠭᠤ ᠠᠯᠳᠠᠷ ᠤᠨ ᠦᠨᠡᠮᠯᠡᠯ ᠣᠯᠭᠤᠵᠤ᠂ ᠲᠡᠳᠡᠨ ᠤ ᠬᠥᠳᠡᠭᠡ ᠠᠵᠤ ᠠᠬᠤᠶ ᠶᠢ ᠬᠠᠶᠢᠷᠠᠯᠠᠬᠤ ᠰᠡᠳᠬᠢᠯᠭᠡ ᠪᠠᠨ ᠵᠤᠵᠠᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠭᠡ ᠲᠠᠪᠴᠠᠩ ᠳᠡᠭᠡᠷ᠎ᠡ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠶᠢ ᠵᠣᠷᠢᠭᠵᠢᠭᠤᠯᠪᠠ᠃ ᠤᠯᠠᠭᠠᠨᠬᠠᠳᠠ ᠬᠤᠲᠠ ᠶᠢᠨ ︽ᠲᠠᠷᠢᠶᠠᠯᠠᠩ  ᠢ ᠠᠬᠢᠭᠤᠯᠤᠭᠴᠢ︾ ᠦ᠋ ᠳ᠋ᠧ ᠪᠦᠦ ᠲᠤᠬᠠᠶ ᠶᠢᠨ ᠲᠠᠯᠠᠪᠠᠶ ᠳᠤ ᠣᠩᠨᠢᠭᠤᠳ ᠬᠤᠰᠢᠭᠤᠨ ᠤ ᠴᠢᠨᠠᠷ ᠰᠠᠶᠢᠲᠠᠶ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠲᠠᠨᠢᠯᠴᠠᠭᠤᠯᠪᠠ  ᠃ ᠣᠩᠨᠢᠭᠤᠳ ᠬᠤᠰᠢᠭᠤᠨ ᠤ ᠰᠦ ᠶᠢᠨ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ  ᠤᠨ ᠠᠵᠤ ᠠᠬᠤᠶᠢᠯᠠᠯ ᠤᠨ ᠲᠥᠯᠥᠭᠡᠯᠡᠭᠴᠢ ᠣᠬᠤᠨᠪᠠᠶᠠᠷ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢᠶᠠᠨ ᠲᠠᠨᠢᠯᠴᠠᠭᠤᠯᠪᠠ᠃       ᠣᠶᠢᠯᠠᠭᠠᠭᠰᠠᠨ ᠢᠶᠠᠷ᠂ ᠡᠨᠡ ᠵᠢᠯ ᠤᠨ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠨᠢ ︽ᠮᠢᠩᠭ᠎ᠠ ᠲᠦᠮᠡᠨ ᠢᠨᠵᠧᠨᠧᠷᠢᠩ ᠢ ᠰᠣᠷᠣᠯᠴᠠᠨ  ᠠᠰᠢᠭᠯᠠᠵᠤ᠂ ᠡᠯᠪᠡᠭ ᠬᠤᠷᠢᠶᠠᠯᠲᠠ ᠶᠢᠨ ᠳᠤᠮᠳᠠᠳᠤ ᠤᠯᠤᠰ  ᠢᠶᠠᠨ ᠮᠠᠭᠲᠠᠨ  ᠰᠠᠶᠢᠰᠢᠶᠠᠵᠤ᠂  ᠦᠩᠭᠡ ᠢᠯᠭᠠᠷᠠᠭᠰᠠᠨ ᠤᠩᠨᠢᠭᠤᠳ ᠨᠤᠲᠤᠭ ᠤᠨ ᠠᠯᠲᠠᠨ ᠨᠠᠮᠤᠷ ᠤᠨ ᠡᠯᠪᠡᠭ ᠬᠤᠷᠢᠶᠠᠯᠲᠠ ᠶᠢ ᠪᠡᠯᠭᠡᠯᠡᠬᠦ︾ ᠢᠶᠠᠷ ᠭᠤᠤᠯ ᠰᠡᠳᠦᠪ ᠪᠣᠯᠭᠠᠵᠠᠶ᠃ ᠮᠠᠯᠴᠢᠨ ᠲᠠᠷᠢᠶᠠᠴᠢᠳ ᠪᠠᠶᠠᠷ ᠤᠨ ᠡᠳᠦᠷ ᠤᠨ ᠬᠤᠪᠴᠠᠰᠤ ᠵᠠᠰᠠᠯ ᠢᠶᠠᠷ ᠢᠶᠠᠨ ᠭᠤᠶᠤᠯᠠᠵᠤ᠂ ︽ᠡᠯᠪᠡᠭ ᠬᠤᠷᠢᠶᠠᠯᠲᠠ ᠪᠠᠨ ᠪᠡᠯᠭᠡᠯᠡᠭᠦ︾᠂ ︽ᠵᠣᠯ ᠵᠢᠷᠭᠠᠯᠲᠤ ᠠᠮᠢᠳᠤᠷᠠᠯ︾ ᠵᠡᠷᠭᠡ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢᠶᠠᠨ ᠢᠯᠡᠳᠬᠡᠵᠦ᠂ ᠠᠭᠤᠤ ᠶᠡᠭᠡ ᠡᠬᠡ ᠤᠯᠤᠰ ᠤᠨ ᠢᠶᠠᠨ ᠳᠠᠯᠠᠨ ᠲᠠᠪᠤᠨ ᠵᠢᠯ ᠤᠨ ᠣᠢ ᠶᠢ ᠪᠡᠯᠭᠡᠯᠡᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠪᠣᠬᠢᠷᠲᠤᠯ ᠦᠭᠡᠢ ᠴᠢᠨᠠᠷ ᠰᠠᠶᠢᠲᠠᠢ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠦᠵᠡᠭᠦᠯᠭᠡ ᠶᠢᠨ ᠲᠣᠭᠤᠷᠢᠭ᠂ ᠣᠩᠨᠢᠭᠤᠳ ᠬᠤᠰᠢᠭᠤᠨ ᠤ ᠰᠠᠶᠢᠨ ᠪᠣᠳᠠᠰ ᠤᠨ ᠰᠢᠭᠤᠳ ᠨᠡᠪᠲᠡᠷᠡᠭᠦᠯᠭᠡ ᠶᠢᠨ ᠲᠠᠰᠤᠭ ᠵᠡᠷᠭᠡ ᠶᠢ ᠲᠤᠬᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠲᠦᠷᠦᠯ ᠲᠡᠮᠳᠡᠭ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠲᠥᠪᠯᠡᠷᠡᠭᠦᠯᠦᠨ ᠳᠡᠯᠭᠡᠨ ᠦᠵᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠮᠢᠳᠤᠯᠢᠭ ᠦᠯᠢᠭᠡᠷ ᠢ ᠬᠠᠭᠤᠴᠢᠯᠠᠪᠠ᠃ ᠮᠥᠩᠬᠡ ᠵᠡᠷᠭᠡ ᠤᠳᠤᠷᠢᠳᠤᠯᠭ᠎ᠠ ᠠᠵᠤ ᠦᠢᠯᠡᠰ ᠤᠨ ᠪᠤᠶᠢᠵᠢᠯᠲᠠ᠂ ᠲᠦᠷᠦᠯ ᠲᠡᠮᠳᠡᠭ ᠤᠨ ᠡᠭᠦᠳᠦᠯᠲᠡ᠂ ᠦᠢᠯᠡᠳᠬᠦᠨ ᠤ ᠪᠣᠷᠣᠯᠠᠭᠤᠯᠭ᠎ᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠥᠷᠭᠡᠨ ᠤᠯᠠᠨ ᠮᠠᠯᠴᠢᠨ ᠲᠠᠷᠢᠶᠠᠴᠢᠨ ᠨᠠᠶᠢᠵᠠ ᠨᠠᠷ ᠲᠤ ᠪᠠᠶᠠᠷ ᠤᠨ ᠡᠳᠦᠷ ᠤᠨ ᠮᠡᠨᠳᠥᠴᠢᠯᠡᠯ ᠳᠡᠪᠰᠢᠭᠦᠯᠪᠡ᠃       ᠣᠶᠢᠷ᠎ᠠ ᠶᠢᠨ ᠵᠢᠯ ᠳᠤ᠂ ᠪᠥᠬᠦ ᠬᠤᠰᠢᠭᠤᠨ ᠤ ᠡᠯ᠎ᠡ ᠭᠠᠵᠠᠷ ︽ ᠮᠢᠩᠭ᠎ᠠ ᠲᠦᠮᠡᠨ ᠤ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠲᠠᠷᠢᠶᠠᠴᠢᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠦᠴᠢᠷᠳᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠵᠤ᠂ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠲᠠᠷᠢᠶᠠᠴᠢᠨ ᠲᠦᠮᠡᠨ ᠨᠠᠩ ᠣᠯᠠᠨ ᠨᠠᠩ ᠴᠢᠩᠭ᠎ᠠ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠲᠠᠢ ᠪᠣᠯᠪᠠ᠃ ᠬᠤᠰᠢᠭᠤᠨ   ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ ᠠᠮᠤ  ᠲᠣᠰᠣ ᠵᠡᠷᠭᠡ ᠭᠤᠤᠯ ᠲᠠᠷᠢᠮᠠᠯ ᠤᠨ ᠶᠡᠭᠡ ᠬᠡᠪᠴᠢᠶ᠎ᠡ ᠪᠠᠷ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠶᠢᠨ  ᠲᠠᠷᠢᠶ᠎ᠠ᠂ ᠰᠠᠶᠢᠨ  ᠦᠷ᠎ᠡ᠂ ᠰᠠᠶᠢᠨ ᠠᠷᠭ᠎ᠠ᠂ ᠰᠠᠶᠢᠨ ᠲᠣᠬᠢᠶᠠᠯ᠂ ᠰᠠᠶᠢᠨ ᠳᠦᠷᠢᠮᠲᠦ ︽ᠲᠠᠪᠤᠨ ᠰᠠᠶᠢᠨᠲᠠᠶ ᠪᠠᠶᠢᠬᠤ ︾ ᠶᠢᠨ ᠲᠣᠭᠤᠷᠢᠨ ᠳᠤ ᠴᠢᠨᠠᠷ ᠰᠠᠶᠢᠲᠠᠶ ᠡᠭᠦᠯᠳᠡᠷ᠂ ᠲᠡᠷᠢᠭᠦᠨ ᠤ ᠲᠣᠨᠤᠭ ᠲᠥᠬᠦᠭᠡᠷᠦᠮᠵᠢ᠂ ᠬᠡᠷᠡᠭᠯᠡᠭᠡᠨ ᠤ ᠮᠡᠷᠭᠡᠵᠢᠯ ᠪᠠ ᠨᠡᠶᠢᠲᠡᠯᠢᠭ ᠲᠠᠷᠢᠮᠠᠯ ᠳᠠᠷᠢᠵᠤ ᠲᠡᠵᠢᠭᠡᠬᠦ ᠵᠠᠭᠪᠤᠷ ᠵᠡᠷᠭᠡ ᠶᠢ ᠶᠡᠬᠡᠪᠡᠷ ᠳᠡᠯᠭᠡᠷᠡᠭᠦᠯᠵᠦ᠂ ᠲᠥᠷᠥ ᠶᠢᠨ ᠪᠣᠳᠣᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠬᠦᠷᠭᠡᠬᠦ᠂ ᠮᠡᠳᠡᠭᠡ ᠵᠠᠩᠭᠢ ᠬᠦᠷᠭᠡᠬᠦ ᠶᠢ ᠬᠥᠳᠡᠭᠡ ᠪᠠᠭᠤᠯᠭᠠᠬᠤ ᠠᠵᠢᠯᠯᠠᠭ᠎ᠠ ᠦᠷᠨᠢᠭᠦᠯᠥᠭᠰᠡᠨ ᠠᠴᠠ᠂  ᠵᠢᠯ ᠳᠠᠷᠠᠭᠠᠯᠠᠨ ᠠᠮᠤ ᠪᠤᠳᠠᠭᠠᠨ ᠤ ᠡᠯᠪᠡᠭ ᠬᠤᠷᠢᠶᠠᠯᠲᠠ ᠤᠯᠪᠠ᠃ 2024 ᠣᠨ ᠳᠤ ᠪᠦᠬᠦ ᠬᠤᠰᠢᠭᠤᠨ ᠤ ᠠᠮᠤ ᠪᠤᠳᠠᠭᠠᠨ ᠤ ᠲᠠᠷᠢᠮᠠᠯ ᠤᠨ ᠲᠠᠯᠠᠪᠠᠢ 457 ᠲᠦᠮᠡᠨ ᠮᠦ᠂ ᠠᠵᠤ ᠠᠬᠤᠢ ᠶᠢᠨ ᠲᠠᠷᠢᠮᠠᠯ ᠤᠨ ᠲᠠᠯᠠᠪᠠᠢ 37 ᠲᠦᠮᠡᠨ ᠮᠦ ᠳᠤ ᠬᠦᠷᠴᠥ᠂ ᠵᠢᠱᠢᠯᠲᠡ ᠪᠠᠷ  280 ᠲᠦᠮᠡᠨ ᠲᠣᠨ ᠠᠮᠤ ᠲᠠᠷᠢᠶ᠎ᠠ  ᠬᠤᠷᠢᠶᠠᠨ᠂ ᠮᠠᠯ   ᠤᠨ ᠲᠤᠭ᠎ᠠ  ᠲᠤᠯᠤᠭᠠᠢ 370 ᠲᠦᠮᠡᠨ  ᠶᠢ ᠳᠠᠪᠠᠪᠠ᠃        ᠬᠤᠷᠠᠯ ᠳᠤ ᠣᠷᠣᠯᠴᠠᠭᠰᠠᠳ ᠪᠠᠰᠠ ᠤᠷᠢᠳ ᠬᠤᠵᠢᠳ ᠴᠢᠤᠸᠠᠨ ᠨᠢᠩ ᠵᠡᠭᠡᠯᠢ ᠭᠤᠳᠤᠮᠵᠢ᠂ ᠬᠠᠶᠢᠯᠠᠰᠤ ᠪᠠᠯᠭᠠᠰᠤᠨ ᠤ ᠵᠡᠭᠦᠨ ᠬᠤᠪᠢᠶᠠᠷᠢ ᠲᠠᠯᠠᠪᠠᠢ ᠪᠣᠯᠤᠨ ᠣᠩᠨᠢᠭᠤᠳ ᠬᠤᠰᠢᠭᠤᠨ ᠤ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠦᠷᠴᠦ ᠬᠢᠲᠠᠳ ᠡᠪᠡᠰᠦᠨ ᠡᠮ ᠲᠠᠷᠢᠬᠤ ᠰᠠᠭᠤᠷᠢᠨ ᠭᠠᠵᠠᠷ᠂ ᠬᠤᠩᠱᠠᠨ ᠲᠤᠲᠤᠷᠭ᠎ᠠ ᠲᠠᠷᠢᠬᠤ ᠰᠠᠭᠤᠷᠢᠨ ᠭᠠᠵᠠᠷ ᠪᠣᠯᠤᠨ ᠴᠠᠭᠠᠨ ᠢᠳᠡᠭᠡ ᠪᠣᠯᠪᠠᠰᠤᠷᠠᠭᠤᠯᠬᠤ ᠵᠡᠷᠭᠡ ᠠᠵᠤ ᠦᠢᠯᠡᠰ ᠢ ᠲᠣᠭᠤᠷᠢᠨ ᠦᠵᠡᠵᠦ᠂ ᠲᠤᠬᠠᠢ ᠶᠢᠨ ᠲᠠᠯᠠᠪᠠᠢ ᠳᠤ ᠪᠦᠬᠦ ᠬᠤᠰᠢᠭᠤᠨ ᠤ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠦᠷ᠎ᠡ ᠪᠦᠲᠦᠭᠡᠯ ᠢ ᠣᠶᠢᠯᠠᠭᠠᠪᠠ᠃  
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号