ᠮᠥᠩᠬᠡ 2025 ᠣᠨ ᠤ ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠵᠢᠭᠦᠯᠬᠦ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/9
      9 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠮᠥᠩᠬᠡ 2025 ᠣᠨ ᠤ ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠵᠢᠭᠦᠯᠬᠦ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠢᠷᠡᠬᠦ ᠵᠢᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠤᠳᠤᠯᠤᠨ ᠲᠥᠯᠥᠪᠵᠢᠭᠦᠯᠵᠦ᠂ ᠴᠢᠨᠠᠷ ᠰᠠᠶᠢᠲᠠᠶ ᠲᠥᠷᠥᠯ ᠵᠦᠢᠯ ᠢᠶᠠᠷ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ  ᠠᠬᠢᠭᠤᠯᠬᠤ ᠶᠢ  ᠱᠠᠭᠠᠷᠳᠠᠪᠠ᠃       ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠲᠠᠷᠢᠶᠠᠯᠠᠩ ᠮᠠᠯ ᠠᠵᠤ ᠠᠬᠤᠢ᠂ ᠲᠠᠷᠢᠶᠠᠯᠠᠩ ᠤᠨ ᠪᠦᠲᠦᠭᠡᠭᠳᠡᠬᠦᠨ ᠮᠠᠯᠵᠢᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ᠂ ᠰᠢᠨ᠎ᠡ ᠡᠨᠧᠷᠭᠢ᠂ ᠲᠡᠮᠦᠷᠯᠢᠭ ᠪᠣᠯᠪᠠᠰᠤᠷᠠᠭᠤᠯᠬᠤ᠂ ᠰᠢᠨ᠎ᠡ ᠮᠠᠲ᠋ᠧᠷᠢᠶᠠᠯ᠂ ᠲᠤᠨᠤᠭ ᠲᠥᠬᠦᠭᠡᠷᠦᠮᠵᠢ ᠦᠢᠯᠡᠳᠬᠦ᠂ ᠠᠭᠤᠷᠬᠠᠢ ᠶᠢᠨ ᠦᠢᠯᠡᠰ ᠢ ᠨᠡᠭᠡᠭᠡᠨ ᠬᠥᠭᠵᠢᠭᠦᠯᠬᠦ᠂ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠵᠡᠷᠭᠡ ᠠᠵᠤ ᠦᠢᠯᠡᠰ ᠤᠨ ᠲᠣᠭᠤᠷᠢᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ  ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠢᠳᠡᠪᠬᠢᠲᠡᠢ ᠪᠤᠶᠢᠵᠢᠭᠤᠯᠤᠨ ᠬᠥᠭᠵᠢᠭᠦᠯᠵᠦ᠂  ᠬᠡᠯᠬᠢᠶᠡᠵᠢᠯ ᠢ ᠤᠷᠲᠤᠳᠬᠠᠨ ᠨᠥᠬᠦᠪᠥᠷᠢᠯᠡᠵᠦ  ᠴᠢᠩᠭᠠᠳᠬᠠᠬᠤ ᠠᠵᠢᠯ ᠢ ᠰᠠᠶᠢᠲᠤᠷ ᠬᠢᠵᠦ᠂ ᠴᠢᠨᠠᠷ ᠰᠠᠶᠢᠲᠠᠢ ᠲᠦᠷᠦᠯ ᠵᠦᠢᠯ ᠢᠶᠠᠷ ᠠᠵᠤ ᠦᠢᠯᠡᠰ ᠤᠨ ᠪᠦᠯᠦᠭᠵᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃       ᠬᠤᠷᠠᠯ ᠠᠴᠠ᠂ ᠲᠦᠷᠦᠯ ᠵᠦᠢᠯ ᠢ ᠲᠥᠯᠥᠪᠵᠢᠭᠦᠯᠬᠦ ᠶᠢᠨ ᠵᠠᠩᠭᠢᠯᠠᠭ᠎ᠠ  ᠪᠣᠯ ᠠᠷᠠᠳ ᠤᠨ ᠠᠮᠢᠳᠤᠷᠠᠯ ᠳᠤ ᠦᠢᠯᠡᠴᠢᠯᠡᠬᠦ ᠪᠠ ᠪᠠᠲᠤᠯᠠᠬᠤ  ᠶᠠᠪᠤᠳᠠᠯ ᠪᠣᠯᠣᠨ᠎ᠠ᠃ ᠳᠡᠭᠡᠳᠦ ᠱᠠᠲᠤᠨ ᠤ ᠤᠳᠤᠷᠢᠳᠤᠮᠵᠢ ᠪᠣᠯᠤᠨ ᠣᠳᠣᠬᠠᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠯ ᠤᠨ ᠬᠢᠷᠢ ᠪᠠᠷ ᠢᠶᠠᠨ ᠬᠢᠬᠦ᠂ ᠪᠦᠬᠦ ᠬᠦᠴᠦᠨ ᠢᠶᠠᠷ ᠢᠶᠠᠨ ᠴᠢᠷᠮᠠᠶᠢᠬᠤ ᠶᠢ ᠪᠠᠷᠢᠮᠲᠠᠯᠠᠵᠤ᠂ ᠵᠠᠮ ᠬᠠᠷᠢᠯᠴᠠᠭ᠎ᠠ᠂ ᠬᠤᠳᠠ ᠶᠢᠨ ᠶᠠᠪᠤᠳᠠᠯ᠂ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ ᠤᠨᠢᠨ ᠳᠡᠭᠡᠷ᠎ᠡ ᠨᠢ ᠬᠦᠴᠦᠯᠡᠵᠦ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠢ  ᠭᠡᠵᠡᠢ᠃       ᠬᠤᠷᠠᠯ ᠠᠴᠠ ᠱᠠᠭᠠᠷᠳᠠᠭᠰᠠᠨ ᠨᠢ᠂  ᠡᠯ᠎ᠡ  ᠬᠤᠰᠢᠭᠤᠨ ᠳᠡᠳ᠋ ᠳᠠᠷᠤᠭ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ︽ᠲᠥᠷᠥᠯ ᠵᠦᠢᠯ ᠢᠶᠠᠷ ᠭᠤᠤᠯ ᠪᠣᠯᠭᠠᠬᠤ︾ ᠣᠶᠢᠯᠠᠭᠠᠭᠳᠠᠬᠤᠨ ᠢ ᠤᠯᠠᠮ ᠨᠢᠭᠡ ᠠᠯᠬᠤᠮ  ᠪᠠᠲᠤᠳᠬᠠᠵᠤ᠂ ᠲᠥᠷᠥᠯ ᠵᠦᠢᠯ ᠢ   ᠲᠦᠯᠥᠪᠵᠢᠭᠦᠯᠬᠦ ᠶᠢ ᠴᠠᠭ  ᠢᠮᠠᠭᠲᠠ ᠭᠤᠤᠯᠳᠠᠯᠭ᠎ᠠ ᠲᠠᠢ ᠪᠠᠶᠢᠷᠢᠨ ᠳᠤ ᠲᠠᠯᠪᠢᠵᠤ᠂ ᠪᠥᠬᠦ ᠰᠡᠳᠬᠢᠯ ᠪᠥᠬᠦ ᠵᠣᠷᠢᠭ ᠢᠶᠠᠷ  ᠬᠠᠷᠢᠭᠤᠴᠠᠯᠭ᠎ᠠ ᠪᠠᠨ ᠭᠦᠢᠴᠡᠳᠭᠡᠵᠦ᠂  ᠨᠢᠭᠡ ᠪᠦᠯᠦᠭ ᠨᠠᠶᠢᠳᠠᠪᠤᠷᠢᠵᠢᠭᠤᠯᠵᠤ ᠳᠡᠶᠢᠯᠬᠦ᠂ ᠠᠯᠤᠰ ᠢᠷᠡᠭᠡᠳᠦᠶ ᠲᠠᠢ᠂ ᠬᠥᠭᠵᠢᠯᠲᠡ ᠶᠢᠨ ᠪᠣᠳᠠᠲᠠᠶ ᠳᠤ ᠨᠡᠶᠢᠴᠡᠬᠦ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠰᠠᠨᠠᠭᠠᠴᠢᠯᠠᠭ᠎ᠠ ᠠᠴᠠ ᠪᠠᠨ ᠰᠦᠪᠡᠭᠴᠢᠯᠡᠨ ᠨᠥᠭᠡᠴᠡᠯᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠠᠭᠤᠷᠢ  ᠲᠠᠯᠪᠢᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠲᠥᠷᠥᠯ ᠵᠦᠢᠯ ᠢ ᠲᠥᠯᠥᠪᠵᠢᠭᠦᠯᠬᠦ ᠠᠵᠢᠯ ᠤᠨ ᠨᠡᠶᠢᠯᠡᠮᠡᠯ ᠬᠦᠴᠦᠨ ᠢ ᠦᠨᠡᠨᠬᠦ ᠨᠢᠭᠲᠠᠷᠠᠭᠤᠯᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ  ᠠᠵᠢᠯ ᠵᠢᠴᠢ ᠲᠥᠯᠥᠪᠵᠢᠭᠦᠯᠭᠡ᠂ ᠭᠠᠵᠠᠷ ᠰᠢᠷᠣᠶ᠂ ᠣᠷᠴᠢᠨ ᠲᠣᠭᠤᠷᠢᠨ ᠤ ᠦᠨᠡᠯᠡᠯᠲᠡ ᠵᠡᠷᠭᠡ ᠭᠠᠷᠳᠠᠮ ᠢ ᠭᠦᠢᠴᠡᠳᠬᠡᠬᠦ ᠠᠵᠢᠯ ᠢ ᠤᠷᠢᠳᠴᠢᠯᠠᠨ ᠰᠠᠶᠢᠲᠤᠷ ᠬᠢᠵᠦ᠂ ︽ᠲᠥᠷᠥᠯ ᠵᠦᠢᠯ ᠢᠶᠠᠨ  ᠡᠵᠡᠮᠳᠡᠵᠥ ᠵᠥᠪᠰᠢᠶᠡᠷᠡᠬᠦ ᠶᠢ ᠬᠦᠯᠢᠶᠡᠬᠦ  ᠪᠡᠯᠡᠳᠬᠡᠯ︾  ᠲᠠᠢ  ᠪᠠᠶᠢᠬᠤ  ᠬᠡᠷᠡᠭᠲᠡᠶ ᠭᠡᠵᠡᠢ᠃       ᠬᠤᠷᠠᠯ ᠠᠴᠠ ᠪᠠᠰᠠ ᠪᠥᠬᠦ ᠬᠤᠰᠢᠭᠤᠨ ᠤ 2025 ᠣᠨ ᠤ ᠭᠤᠤᠯᠳᠠᠯᠭ᠎ᠠ ᠲᠠᠢ ᠲᠥᠷᠥᠯ  ᠵᠦᠢᠯ ᠤᠨ ᠲᠥᠯᠥᠪᠵᠢᠭᠦᠯᠭᠡ ᠶᠢᠨ ᠪᠠᠶᠢᠳᠠᠯ ᠵᠢᠴᠢ 2024 ᠣᠨ ᠤ ᠳᠥᠷᠪᠡᠳᠦᠭᠡᠷ ᠤᠯᠠᠷᠢᠯ ᠤᠨ ᠠᠵᠤ ᠠᠬᠤᠶ ᠶᠢᠨ  ᠭᠦᠢᠴᠡᠳᠬᠡᠯ ᠲᠤᠭ᠎ᠠ ᠶᠢ ᠵᠢᠱᠢᠭᠰᠡᠨ ᠪᠠᠶᠢᠳᠠᠯ ᠢ ᠵᠠᠷᠯᠠᠨ ᠮᠡᠳᠡᠭᠳᠡᠪᠡ᠃ ᠭᠤᠤ ᠶᠦᠩ ᠡᠤ᠂ ᠸᠠᠩ ᠵᠢᠶᠦ᠋ᠨ ᠵᠢᠶᠦ᠋ᠨ᠂ ᠵᠦ ᠴᠦᠨ ᠶᠦᠩ᠂ ᠴᠠᠭᠠᠨᠪᠠᠭᠠᠲᠤᠷ᠂ ᠳ᠋ᠠᠢ ᠢᠦᠢ ᠬᠤᠸᠠ᠂ ᠯᠢ  ᠾᠦᠢ᠂ ᠸᠠᠩ ᠶᠦᠩ ᠯᠢ᠂  ᠳᠤᠪᠳᠤᠨᠰᠡᠩᠭᠡ᠂ ᠴᠧᠨ ᠹᠸᠢ ᠬᠤ᠋ ᠨᠠᠷ ᠬᠤᠷᠠᠯ ᠳᠤ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号