ᠣᠩᠨᠢᠭᠤᠳ ᠬᠤᠰᠢᠭᠤᠨ ᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠥᠬᠦ ᠲᠠᠯ᠎ᠠ ᠪᠠᠷ ᠠᠵᠢᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2024/11/12
     10 ᠰᠠᠷ᠎ᠠ ᠶᠢᠨ ᠳᠤᠮᠳᠠᠴᠢ ᠪᠠᠷ᠂ ᠣᠩᠨᠢᠭᠤᠳ ᠬᠤᠰᠢᠭᠤᠨ ᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢᠭᠡᠨᠲᠡ ᠨᠠᠮᠤᠷ ᠤᠨ ᠤᠯᠠᠷᠢᠯ ᠤᠨ ᠠᠵᠢᠯ ᠢᠶᠠᠨ ᠰᠡᠷᠭᠦᠭᠡᠬᠦ ᠶᠢ ᠪᠦᠬᠦ ᠲᠠᠯ᠎ᠠ ᠪᠠᠷ ᠪᠡᠶᠡᠯᠡᠭᠦᠯᠪᠡ᠃      ᠣᠩᠨᠢᠭᠤᠳ ᠬᠤᠰᠢᠭᠤ 2024 ᠣᠨ ᠳᠤ 20 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 4.95 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠥᠨᠳᠥᠷ ᠪᠠᠷᠢᠮᠵᠢᠶᠠᠲᠤ ᠬᠠᠭᠤᠷᠠᠢ ᠲᠠᠷᠢᠶᠠᠯᠠᠭ᠎ᠠ ᠶᠢᠨ ᠭᠠᠵᠠᠷ 12 ᠲᠦᠮᠡᠨ ᠮᠦ᠂ ᠤᠰᠤ ᠠᠷᠪᠢᠯᠠᠬᠤ ᠲᠠᠷᠢᠶᠠᠨ ᠭᠠᠵᠠᠷ 3 ᠲᠦᠮᠡᠨ ᠮᠦ ᠶᠢ ᠰᠢᠨ᠎ᠡ ᠪᠠᠷ ᠪᠠᠶᠢᠭᠤᠯᠵᠤ᠂ 5 ᠲᠦᠮᠡᠨ ᠮᠦ ᠶᠢ ᠦᠭᠡᠷᠡᠴᠢᠯᠡᠵᠦ ᠰᠠᠶᠢᠵᠢᠷᠠᠭᠤᠯᠤᠨ᠂ 11 ᠰᠤᠮᠤ ᠰᠢᠶᠠᠩ ᠪᠠᠯᠭᠠᠰᠤᠨ ᠤ 37 ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠢ ᠬᠠᠮᠤᠷᠴᠤ᠂ 1.6 ᠲᠦᠮᠡᠨ ᠡᠷᠦᠬᠡ ᠶᠢᠨ 5.14 ᠲᠦᠮᠡᠨ ᠮᠠᠯᠴᠢᠨ ᠲᠠᠷᠢᠶᠠᠴᠢᠳ ᠳᠤ ᠠᠰᠢᠭ ᠬᠦᠷᠲᠡᠭᠡᠪᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠬᠦ ᠶᠢᠨ ᠲᠥᠯᠥᠭᠡ᠂ ᠡᠨᠡ ᠵᠢᠯ ᠣᠩᠨᠢᠭᠤᠳ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠠᠭᠪᠤᠷ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠂ ᠬᠠᠪᠤᠷ ᠤᠨ ᠠᠵᠢᠯ ᠡᠬᠢᠯᠡᠭᠦ ᠠᠴᠠ ᠡᠮᠦᠨ᠎ᠡ ᠪᠣᠯᠲᠠᠯ᠎ᠠ 11.4 ᠲᠦᠮᠡᠨ ᠮᠦ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠨᠢᠭᠡᠨᠲᠡ ᠪᠡᠶᠡᠯᠡᠭᠦᠯᠵᠦ᠂ 2.25 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠥᠭᠰᠡᠨ ᠪᠠᠶᠢᠨ᠎ᠠ᠃ ᠠᠵᠢᠯ ᠢᠶᠠᠨ ᠰᠡᠷᠭᠦᠭᠡᠭᠰᠡᠨ ᠤ ᠳᠠᠷᠠᠭ᠎ᠠ᠂ ᠬᠤᠰᠢᠭᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠭᠠᠵᠠᠷ ᠤᠨ ᠲᠠᠰ ᠤᠨ ᠤᠳᠤᠷᠢᠳᠤᠯᠭ᠎ᠠ ᠳᠠᠭᠠᠭᠠᠴᠢᠯᠠᠬᠤ ᠲᠣᠭᠲᠠᠴᠠ ᠶᠢ ᠪᠠᠶᠢᠭᠤᠯᠵᠤ᠂ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠨᠢᠭᠡᠴᠡ ᠠᠵᠢᠯ ᠤᠨ ᠬᠤᠭᠤᠴᠠᠭ᠎ᠠ ᠶᠢ ᠴᠢᠩᠭ᠎ᠠ ᠠᠳᠬᠤᠨ᠂ ᠣᠳᠣᠬᠠᠨ ᠳᠤ ᠨᠢᠭᠡᠨᠲᠡ 17.4 ᠲᠦᠮᠡᠨ ᠮᠥ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠤᠯᠤᠨ 3.9 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠵᠢᠱᠢᠯᠲᠡ ᠪᠠᠷ 11 ᠰᠠᠷ᠎ᠠ ᠶᠢᠨ ᠰᠡᠭᠦᠯᠴᠢ ᠪᠠᠷ ᠪᠥᠲᠥᠭᠡᠨ ᠪᠠᠶᠢᠭᠤᠯᠤᠯᠲᠠ ᠶᠢᠨ ᠪᠥᠬᠦ ᠠᠵᠢᠯ ᠢ ᠳᠠᠭᠤᠰᠬᠠᠨ᠂ ︽ᠲᠣᠰ ᠵᠢᠯ ᠤᠨ ᠲᠥᠷᠥᠯ ᠵᠦᠢᠯ ᠢ ᠲᠣᠰ ᠵᠢᠯ ᠳᠤ ᠨᠢ ᠪᠠᠶᠢᠭᠤᠯᠵᠤ ᠳᠠᠭᠤᠰᠬᠠᠬᠤ ᠪᠤᠯᠤᠨ ᠲᠤᠰ ᠵᠢᠯ ᠳᠤ ᠨᠢ ᠪᠠᠯᠠ ᠮᠥᠩᠭᠦ ᠶᠢ ᠳᠤᠷᠤᠭᠰᠢ ᠪᠠᠭᠤᠯᠭᠠᠬᠤ ︾ ᠬᠠᠷᠠᠯᠲᠠ ᠶᠢ ᠪᠡᠶᠡᠯᠡᠭᠦᠯᠬᠦ ᠪᠤᠯᠤᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号