| 11 ᠰᠠᠷ᠎ᠠ ᠶᠢᠨ 7 ᠠᠴᠠ 8 ᠤ ᠡᠳᠥᠷ ᠪᠤᠯᠳᠠᠯ᠎ᠠ᠂ ᠬᠤᠰᠢᠭᠤᠨ ᠤ ᠠᠷᠠᠳ ᠤᠨ ᠲᠦᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠨᠠᠢᠮᠠᠳᠤᠭᠠᠷ ᠬᠤᠭᠤᠴᠠᠭᠠᠨ ᠤ ᠲᠦᠯᠥᠭᠡᠯᠡᠭᠴᠢᠳ ᠤᠨ | ᠰᠠᠨᠠᠭᠤᠯᠭ᠎ᠠ ᠶᠢ ᠡᠷᠬᠢᠯᠡᠨ ᠭᠦᠢᠴᠡᠳᠬᠡᠭᠰᠡᠨ ᠪᠤᠯᠤᠨ ᠪᠦᠬᠦ ᠬᠤᠰᠢᠭᠤᠨ ᠤ ᠠᠷᠠᠳ ᠤᠨ ᠠᠮᠢᠳᠤᠷᠠᠯ ᠳᠤ | ᠬᠤᠯᠪᠤᠭᠳᠠᠬᠤ ᠲᠦᠷᠥᠯ ᠵᠦᠢᠯ ᠢ ᠬᠡᠷᠡᠭᠵᠢᠭᠦᠯᠥᠭᠰᠡᠨ ᠪᠠᠶᠢᠳᠠᠯ ᠢ ᠲᠤᠭᠤᠷᠢᠨ ᠪᠠᠶᠢᠴᠠᠭᠠᠪᠠ᠃ᠬᠤᠰᠢᠭᠤᠨ ᠤ ᠠᠷᠠᠳ | ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠥᠢ ᠲᠢᠩ᠂ ᠳᠡᠳ᠋ | ᠡᠷᠬᠢᠯᠡᠭᠴᠢ ᠤᠳᠤᠠᠴᠢᠮᠡᠭ᠂ ᠵᠧᠩ ᠱᠸᠥ ᠰᠢᠥᠸᠠᠢ᠂ ᠯᠢᠨ ᠾᠸᠥ ᠨᠠᠷ ᠲᠤᠭᠤᠷᠢᠨ ᠪᠠᠶᠢᠴᠠᠭᠠᠯᠳᠠ ᠳᠤ ᠤᠷᠤᠯᠴᠠᠵᠤ᠂ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ | ᠭᠤᠤ ᠶᠦᠩ ᠡᠥ ᠬᠠᠮᠲᠤ ᠪᠠᠷ ᠲᠤᠭᠤᠷᠢᠨ ᠪᠠᠶᠢᠴᠠᠭᠠᠭᠰᠠᠨ ᠪᠠᠶᠢᠨ᠎ᠠ᠃ | ᠲᠤᠭᠤᠷᠢᠨ ᠪᠠᠶᠢᠴᠠᠭᠠᠬᠤ ᠳᠤᠭᠤᠶᠢᠯᠠᠩ ᠨᠢ ᠤᠷᠢᠳ ᠬᠤᠵᠢᠳ ᠪᠠᠶᠠᠠᠲᠤᠬᠤᠢ ᠰᠤᠮᠤ᠂ ᠬᠠᠶᠢᠯᠠᠰᠤ ᠪᠠᠯᠭᠠᠰᠤ᠂ | ᠠᠰᠢᠬᠠᠨ ᠰᠤᠮᠤ᠂ ᠤᠳᠠᠠᠲᠤᠬᠤᠢ ᠪᠠᠯᠭᠠᠰᠤ᠂ ᠴᠢᠶᠤᠤ ᠲᠸᠤ ᠪᠠᠯᠭᠠᠰᠤ᠂ ᠭᠤᠸᠠᠩ ᠳ᠋ᠧ ᠭᠦᠩ ᠪᠠᠯᠭᠠᠰᠤ᠂ ᠡᠥ | ᠹᠧᠨ ᠳ᠋ᠢ ᠪᠠᠯᠭᠠᠰᠤ ᠪᠤᠯᠤᠨ ᠪᠤᠷᠤᠬᠤᠲᠠ ᠬᠤᠲᠠ ᠲᠤᠭᠤᠷᠢᠭ ᠵᠡᠷᠭᠡ ᠭᠠᠵᠠᠷ ᠢᠶᠠᠷ ᠬᠦᠷᠴᠥ᠂ ᠲᠤᠬᠠᠢ ᠶᠢᠨ ᠭᠠᠵᠠᠷ | ᠳᠤᠨᠢ ᠰᠤᠷᠪᠤᠯᠵᠢᠯᠠᠬᠤ᠂ ᠬᠠᠷᠢᠭᠤ ᠮᠡᠳᠡᠭᠦᠯᠥᠯᠳᠡ ᠰᠤᠨᠤᠰᠬᠤ ᠵᠡᠷᠭᠡ ᠬᠡᠯᠪᠡᠷᠢ ᠪᠠᠷ ᠲᠦᠯᠥᠭᠡᠯᠡᠭᠴᠢᠳ ᠤᠨ | ᠰᠠᠨᠠᠭᠤᠯᠭ᠎ᠠ ᠶᠢ ᠡᠷᠬᠢᠯᠡᠨ ᠭᠦᠢᠴᠡᠳᠬᠡᠭᠰᠡᠨ ᠪᠤᠯᠤᠨ ᠪᠦᠬᠦ ᠬᠤᠰᠢᠭᠤᠨ ᠤ ᠠᠷᠠᠳ ᠤᠨ ᠠᠮᠢᠳᠤᠷᠠᠯ ᠳᠤ | ᠬᠤᠯᠪᠤᠭᠳᠠᠬᠤ ᠲᠦᠷᠥᠯ ᠵᠦᠢᠯ ᠢ ᠬᠡᠷᠡᠭᠵᠢᠭᠦᠯᠥᠭᠰᠡᠨ ᠪᠠᠶᠢᠳᠠᠯ ᠢ ᠪᠦᠬᠦ ᠲᠠᠯ᠎ᠠ ᠪᠠᠷ ᠤᠶᠢᠯᠠᠭᠠᠪᠠ᠃ | ᠲᠤᠭᠤᠷᠢᠨ ᠪᠠᠶᠢᠴᠠᠭᠠᠬᠤ ᠳᠤᠭᠤᠶᠢᠯᠠᠩ ᠠᠴᠠ ᠲᠦᠯᠥᠭᠡᠯᠡᠭᠴᠢᠳ ᠤᠨ ᠰᠠᠨᠠᠯ ᠪᠤᠯᠤᠨ ᠠᠷᠠᠳ ᠤᠨ ᠠᠮᠢᠳᠤᠷᠠᠯ | ᠳᠤ ᠬᠤᠯᠪᠤᠭᠳᠠᠬᠤ ᠤᠴᠢᠷ ᠶᠠᠪᠤᠳᠠᠯ ᠨᠢ ᠪᠦᠷ ᠤᠯᠠᠨ ᠲᠦᠮᠡᠨ ᠤ ᠬᠦᠰᠡᠯ ᠡᠷᠡᠮᠡᠯᠵᠡᠯᠡᠯ ᠪᠤᠯᠬᠤ ᠶᠤᠮ᠃ ᠡᠯ᠎ᠡ | ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢ ᠠᠷᠠᠳ ᠤᠨ ᠠᠮᠢᠳᠤᠷᠠᠯ ᠳᠤ ᠬᠤᠯᠪᠤᠭᠳᠠᠬᠤ ᠬᠠᠯᠠᠮᠰᠢᠯ ᠶᠠᠪᠤᠳᠠᠯ | ᠬᠦᠴᠢᠷ ᠶᠠᠪᠤᠳᠠᠯ ᠪᠤᠯᠤᠨ ᠤᠯᠠᠨ ᠲᠦᠮᠡᠨ ᠤ ᠠᠰᠢᠭ ᠲᠤᠰᠠ ᠳᠤ ᠬᠤᠯᠪᠤᠭᠳᠠᠬᠤ ᠰᠠᠨᠠᠭᠤᠯᠭ᠎ᠠ ᠳᠤ ᠠᠩᠬᠠᠷᠤᠯ ᠢᠶᠠᠨ | ᠬᠠᠨᠳᠤᠭᠤᠯᠵᠤ᠂ ᠶᠠᠪᠤᠳᠠᠯ ᠤᠴᠢᠷ ᠢ ᠰᠢᠢᠳᠪᠥᠷᠢᠯᠡᠬᠦ ᠲᠤᠭᠳᠠᠴᠠ ᠪᠠᠶᠢᠭᠤᠯᠤᠨ᠂ ᠲᠦᠷᠢᠮ ᠳᠤᠭᠳᠠᠭᠠᠯ ᠢᠶᠠᠨ | ᠳᠡᠭᠦᠯᠳᠡᠷᠵᠢᠭᠦᠯᠵᠥ᠂ ᠠᠷᠭ᠎ᠠ ᠠᠪᠴᠠᠯ ᠢᠶᠠᠨ ᠰᠢᠯᠢᠳᠡᠭᠵᠢᠭᠦᠯᠵᠥ᠂ ᠤᠷᠤᠰᠢᠵᠤ ᠪᠠᠶᠢᠭ᠎ᠠ ᠠᠰᠠᠭᠤᠳᠠᠯ ᠢ ᠦᠨᠡᠨᠬᠦ | ᠰᠢᠢᠳᠪᠥᠷᠢᠯᠡᠨ᠂ ᠤᠯᠠᠨ ᠲᠦᠮᠡᠨ ᠢ ᠠᠮᠤᠷᠵᠢᠭᠤᠯᠬᠤ ᠬᠡᠷᠡᠭᠳᠡᠢ᠃ ᠨᠡᠪᠲᠡᠷᠡᠯᠴᠡᠨ ᠬᠠᠮᠵᠢᠯᠴᠠᠬᠤ ᠬᠦᠴᠥᠯᠡᠴᠡ ᠪᠠᠨ | ᠨᠡᠮᠡᠭᠳᠡᠭᠦᠯᠥᠨ᠂ ᠬᠦᠴᠢᠷ ᠲᠦᠪᠡᠭ ᠠᠰᠠᠭᠤᠳᠠᠯ ᠳᠤ ᠴᠢᠭᠯᠡᠭᠦᠯᠥᠨ᠂ ᠬᠤᠰᠢᠭᠤᠨ ᠤ ᠠᠷᠠᠳ ᠤᠨ ᠲᠦᠯᠥᠭᠡᠯᠡᠭᠴᠢᠳ | ᠤᠨ ᠶᠡᠭᠡ ᠬᠤᠷᠡᠯ ᠤᠨ ᠬᠠᠮᠢᠶ᠎ᠠ ᠪᠦᠬᠦᠢ ᠠᠵᠢᠯᠯᠠᠬᠤ ᠵᠦᠪᠯᠡᠯ ᠪᠤᠯᠤᠨ ᠵᠠᠰᠠᠭ ᠤᠨ ᠤᠷᠳᠤᠨ ᠤ ᠬᠠᠮᠢᠶ᠎ᠠ ᠪᠦᠬᠦᠢ | ᠰᠠᠯᠠᠭ᠎ᠠ ᠮᠦᠴᠢᠷ ᠲᠠᠯ ᠨᠢᠭᠲᠠ ᠲᠤᠬᠢᠷᠠᠯᠴᠠᠵᠤ᠂ ᠲᠦᠷᠥᠯ ᠬᠤᠪᠢᠶᠠᠨ ᠠᠷᠭ᠎ᠠ ᠬᠡᠮᠵᠢᠶ᠎ᠡ ᠠᠪᠴᠤ᠂ ᠬᠤᠯᠪᠤᠭᠠᠯᠠᠨ | ᠬᠢᠨᠠᠵᠤ ᠱᠠᠭᠠᠷᠳᠠᠨ ᠡᠷᠬᠢᠯᠡᠵᠥ᠂ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠲᠤᠯᠠᠬᠤ ᠬᠡᠷᠡᠭᠳᠡᠢ᠃ | ᠲᠦᠯᠥᠭᠡᠯᠡᠭᠴᠢᠳ ᠤᠨ ᠦᠢᠯᠡᠳᠥᠯ ᠢ ᠪᠠᠳᠠᠷᠠᠭᠤᠯᠤᠨ᠂ ᠳᠤᠰᠢᠶᠠᠯ ᠢᠶᠠᠨ ᠬᠦᠢᠴᠡᠳᠭᠡᠬᠦ ᠴᠢᠳᠠᠪᠤᠷᠢ ᠶᠢ ᠨᠢ | ᠨᠡᠮᠡᠭᠳᠡᠭᠦᠯᠵᠥ᠂ ᠲᠦᠷᠥᠯ ᠵᠦᠢᠯ ᠤᠨ ᠪᠦᠲᠥᠭᠡᠨ ᠪᠠᠶᠢᠭᠤᠯᠤᠯᠳᠠ ᠶᠢᠨ ᠬᠢᠨᠠᠨ ᠱᠠᠭᠠᠷᠳᠠᠯᠳᠠ ᠪᠠᠨ ᠦᠷᠭᠦᠯᠵᠢᠯᠡᠨ | ᠴᠢᠩᠭᠠᠳᠬᠠᠬᠤ ᠬᠡᠷᠡᠭᠳᠡᠢ᠃ ᠨᠢᠭᠡᠨᠳᠡ ᠰᠢᠢᠳᠪᠥᠷᠢᠯᠡᠭᠰᠡᠨ ᠰᠠᠨᠠᠭᠤᠯᠭ᠎ᠠ ᠪᠤᠯᠤᠨ ᠲᠦᠷᠥᠯ ᠵᠦᠢᠯ ᠤᠨ ᠦᠷ᠎ᠡ | ᠪᠦᠲᠥᠭᠡᠯ ᠢ ᠪᠠᠬᠢᠵᠡᠭᠦᠯᠬᠦ ᠶᠢᠨ ᠲᠦᠯᠥᠭᠡ᠂ ᠬᠢᠨᠠᠯᠳᠠ ᠲᠠᠯᠪᠢᠬᠤ ᠬᠦᠴᠥᠯᠡᠴᠡ ᠪᠡᠨᠦᠷᠭᠦᠯᠵᠢᠯᠡᠨ ᠴᠢᠩᠭᠠᠳᠬᠠᠵᠤ᠂ | ᠮᠦᠷᠳᠡᠨ ᠬᠢᠨᠠᠬᠤ ᠠᠷᠭ᠎ᠠ ᠠᠪᠴᠠᠯ ᠢ ᠠᠪᠴᠤ᠂ ᠬᠠᠷᠢᠭᠤᠴᠠᠯᠭ᠎ᠠ ᠢ ᠨᠠᠶᠢᠳᠠᠪᠤᠷᠢᠵᠢᠭᠤᠯᠤᠨ᠂ ᠤᠷᠳᠤ ᠬᠤᠭᠤᠴᠠᠭᠠᠨ | ᠪᠠᠷ ᠪᠦᠲᠥᠮᠵᠢᠳᠡᠢ ᠪᠠᠶᠢᠬᠤ ᠶᠢ ᠪᠠᠲᠤᠯᠠᠬᠤ ᠬᠡᠷᠡᠭᠳᠡᠢ ᠭᠡᠰᠡᠨ ᠪᠠᠶᠢᠨ᠎ᠠ᠃ | | |