| | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠡᠳᠦᠭᠡ ︽ᠤᠯᠠᠭᠠᠨᠬᠠᠳᠠ ᠬᠤᠲᠠ ᠶᠢᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠦᠷᠭᠦᠯᠵᠢᠯᠡᠨ | ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ | 2024 ᠣᠨ ᠤ 8 ᠰᠠᠷ᠎ᠠ ᠶᠢᠨ 27 ᠤ ᠡᠳᠦᠷ | ︵ᠲᠤᠰ ᠮᠠᠲ᠋ᠧᠷᠢᠶᠠᠯ ᠢ ᠢᠯᠡ ᠨᠡᠶᠢᠲᠡᠯᠡᠨ᠎ᠡ︶ | ᠤᠯᠠᠭᠠᠨᠬᠠᠳᠠ ᠬᠤᠲᠠ ᠶᠢᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠦᠷᠭᠦᠯᠵᠢᠯᠡᠨ | ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠦᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ | ᠠᠷᠠᠯᠵᠢᠶᠠᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠦᠯ︾ ᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ | ᠬᠥᠭᠵᠢᠭᠡᠵᠦ᠂ ᠵᠠᠰᠠᠭ ᠤᠨ ᠣᠷᠳᠣᠨ ᠨᠠᠩ ᠦᠨᠡᠨᠴᠢ ᠢᠲᠡᠭᠡᠮᠵᠢᠲᠡᠶ᠂ ᠠᠵᠤ ᠠᠬᠤᠶᠢᠯᠠᠯ ᠨᠠᠩ ᠲᠠᠭᠠᠯᠠᠮᠵᠢᠲᠠᠶ᠂ | ᠠᠵᠢᠯ ᠶᠠᠪᠤᠳᠠᠯ ᠭᠦᠢᠴᠡᠳᠭᠡᠬᠦ ᠳᠤ ᠨᠠᠩ ᠥᠨᠳᠥᠷ ᠪᠦᠲᠦᠮᠵᠢᠲᠡᠶ ᠡᠵᠡᠩᠨᠡᠯᠲᠡ ᠠᠷᠠᠯᠵᠢᠶᠠᠨ ᠤ ᠣᠷᠴᠢᠨ | ᠲᠣᠭᠤᠷᠢᠨ ᠤ ᠬᠡᠪ ᠳᠠᠭᠤᠷᠢᠶᠠᠯ ᠬᠤᠲᠠ ᠶᠢ ᠪᠣᠶ ᠪᠣᠯᠭᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ | ᠳᠡᠯᠡᠬᠡᠶᠢᠵᠢᠭᠰᠡᠨ ᠲᠡᠷᠢᠭᠦᠨ ᠤ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠪᠠᠶᠢᠭᠤᠯᠬᠤ ᠶᠢᠨ ᠲᠤᠰᠠᠳᠠ᠂ | ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ︽ᠠᠵᠢᠯ ᠶᠠᠪᠤᠳᠠᠯ ᠬᠦᠢᠴᠡᠳᠬᠡᠬᠦ ᠳᠤ ᠨᠠᠩ ᠥᠨᠳᠥᠷ ᠪᠦᠲᠦᠮᠵᠢᠲᠡᠶ ᠪᠠᠶᠢᠬᠤ︾ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠢ᠃ | ︵ᠨᠢᠭᠡ︶ ᠰᠠᠭᠤᠷᠢ ᠨᠠᠷᠢᠨ ᠬᠠᠭᠤᠳᠠᠰᠦ ᠶᠢᠨ ᠳᠦᠷᠢᠮ ᠢᠶᠠᠷ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠬᠤ ᠶᠢ ᠠᠬᠢᠭᠤᠯᠬᠤ ᠬᠡᠷᠡᠭᠲᠡᠢ᠃ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ᠂ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ | ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠡᠮᠬᠢᠯᠡᠵᠦ ᠨᠡᠶᠢᠲᠡᠯᠡᠬᠦ ᠠᠵᠢᠯ ᠢ | ᠠᠬᠢᠭᠤᠯᠬᠤ ᠬᠡᠷᠡᠭᠲᠡᠢ᠃ ᠡᠷᠬᠡ ᠶᠢᠨ ᠵᠦᠢᠯᠡᠰ ᠢ ᠪᠠᠭᠠᠰᠬᠠᠨ ᠳᠣᠷᠣᠭᠰᠢ ᠪᠠᠭᠤᠯᠭᠠᠵᠤ᠂ ᠪᠥᠬᠦ ᠬᠤᠲᠠ ᠶᠢᠨ ᠵᠠᠰᠠᠭ | ᠵᠠᠬᠢᠷᠭᠠᠨ ᠤ ᠡᠷᠬᠡ ᠶᠢ ᠬᠡᠷᠡᠭᠵᠢᠭᠦᠯᠬᠦ ᠶᠠᠪᠤᠴᠠ ᠳᠤ ᠬᠤᠯᠪᠣᠭᠳᠠᠭᠰᠠᠨ ᠵᠠᠭᠤᠴᠢ ᠦᠢᠯᠡᠴᠢᠯᠡᠭᠡᠨ ᠤ ᠠᠵᠢᠯᠯᠠᠭ᠎ᠠ ᠶᠢ | ᠵᠢᠷᠤᠮᠵᠢᠭᠤᠯᠤᠨ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ | ᠦᠢᠯᠡᠴᠢᠯᠡᠭᠡᠨ ᠤ ᠭᠤᠭᠴᠤᠭ᠎ᠠ᠂ ᠭᠦᠢᠴᠡᠳᠭᠡᠬᠦ ᠮᠠᠲ᠋ᠧᠷᠢᠶᠠᠯ ᠵᠢᠴᠢ ᠴᠠᠭ ᠤᠨ ᠬᠢᠵᠠᠭᠠᠷ ᠢ ᠪᠠᠭᠠᠰᠬᠠᠬᠤ ᠶᠢ | ᠠᠬᠢᠭᠤᠯᠬᠤ ᠬᠡᠷᠡᠭᠲᠡᠢ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯ ᠤᠨ ᠪᠦᠬᠦ ᠬᠦᠴᠦᠨ ᠵᠦᠢᠯ ᠢ | ᠪᠠᠷᠢᠮᠵᠢᠶᠠᠵᠢᠭᠤᠯᠬᠤ ᠶᠢ ᠪᠡᠶᠡᠯᠡᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ | ᠠᠵᠢᠯᠯᠠᠭ᠎ᠠ ᠶᠢᠨ ᠨᠢᠭᠡᠳᠦᠯᠲᠡᠶ ᠵᠢᠷᠤᠮᠵᠢᠯ ᠢ ᠪᠠᠶᠢᠭᠤᠯᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠪᠦᠬᠦ ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ ᠪᠠ ᠴᠠᠭ ᠲᠤᠬᠠᠢ ᠳᠤ ᠨᠢ ᠭᠦᠢᠴᠡᠳᠭᠡᠬᠦ | ᠪᠦᠷᠬᠦᠴᠡ ᠶᠢᠨ ᠨᠤᠷᠮ᠎ᠠ ᠶᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠠᠵᠢᠯ | ᠶᠠᠪᠤᠳᠠᠯ ᠭᠦᠢᠴᠡᠳᠭᠡᠬᠦ ᠵᠦᠭᠯᠡᠭᠦᠷ ᠢ ᠪᠠᠷᠢᠮᠵᠢᠶᠠᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ︵ᠲᠦᠷᠦᠭᠦᠯᠡᠬᠦ ᠨᠢᠭᠡᠴᠡ᠄ | ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠡᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ | ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶᠃ | ︵ᠬᠤᠶᠠᠷ︶ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠡᠶᠡᠯᠡᠭᠦᠯᠬᠦ︾ ᠶᠢ ᠠᠬᠢᠭᠤᠯᠬᠤ ᠬᠡᠷᠡᠭᠲᠡᠢ᠃ | ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠨᠢᠭᠡ ᠶᠠᠪᠤᠳᠠᠯ︾ ᠤᠨ ᠲᠤᠬᠠᠶ ᠡᠯ᠎ᠡ ᠵᠦᠢᠯ ᠤᠨ ᠠᠵᠢᠯ ᠤᠨ | ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠴᠤᠪᠤᠷᠠᠯ ᠢ | ᠰᠢᠯᠢᠳᠡᠭᠵᠢᠭᠦᠯᠬᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠶᠢ ᠠᠭᠤᠰᠤᠯᠴᠠᠭᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠬᠤᠪᠢ ᠬᠥᠮᠦᠨ ᠲᠥᠷᠥᠭᠰᠡᠨ ᠠᠴᠠ ᠨᠠᠰᠤ ᠪᠠᠷᠠᠲᠠᠯ᠎ᠠ᠂ ᠠᠵᠤ ᠠᠬᠤᠶᠢᠯᠠᠯ | ᠪᠠᠶᠢᠭᠤᠯᠤᠭᠳᠠᠭᠰᠠᠨ ᠠᠴᠠ ᠬᠦᠴᠦᠨ ᠥᠬᠡᠶ ᠪᠣᠯᠲᠠᠯ᠎ᠠ᠂ ᠲᠥᠷᠥᠯ ᠵᠦᠢᠯ ᠭᠡᠷ᠎ᠡ ᠲᠣᠭᠲᠠᠬᠤ ᠠᠴᠠ ᠠᠰᠢᠭᠯᠠᠯᠲᠠ ᠳᠤ | ᠣᠷᠣᠭᠤᠯᠬᠤ ᠬᠦᠷᠲᠡᠯᠡᠬᠢ ᠭᠤᠷᠪᠠᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠲᠣᠭᠤᠷᠢᠨ ᠳᠤ᠂ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠭᠤᠤᠯ ᠰᠡᠳᠦᠪᠲᠦ ᠬᠡᠯᠪᠡᠷᠢ᠂ ᠰᠢᠰᠲ᠋ᠧᠮᠲᠦ | ᠦᠢᠯᠡᠴᠢᠯᠡᠭᠡ ᠶᠢ ᠬᠠᠩᠭᠠᠬᠤ ᠬᠡᠷᠡᠭᠲᠡᠢ᠃ ᠤᠯᠤᠰ ᠠᠴᠠ ᠨᠡᠶᠢᠲᠡᠯᠡᠭᠰᠡᠨ 21 ᠵᠦᠢᠯ᠂ ᠥᠪᠡᠷᠲᠡᠭᠡᠨ ᠵᠠᠰᠠᠬᠤ | ᠣᠷᠣᠨ ᠠᠴᠠ ᠨᠡᠶᠢᠲᠡᠯᠡᠭᠰᠡᠨ 3 ᠵᠦᠢᠯ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ | ᠰᠦᠯᠵᠢᠶᠡᠨ ᠳᠡᠭᠡᠷ᠎ᠡ ᠰᠢᠢᠳᠪᠦᠷᠢᠯᠡᠭᠰᠡᠨ ᠰᠠᠭᠤᠷᠢᠨ ᠳᠡᠭᠡᠷ᠎ᠡ᠂ ︽N︾ ᠲᠣᠭᠠᠨ ᠤ ᠮᠠᠨ ᠤ ᠬᠤᠲᠠ ᠶᠢᠨ | ᠣᠨᠴᠠᠯᠢᠭ ᠲᠠᠢ ︽ᠨᠢᠭᠡ ᠶᠠᠪᠤᠳᠠᠯ︾ ᠢ ᠭᠠᠷᠭᠠᠬᠤ ᠬᠡᠷᠡᠭᠲᠡᠢ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ | ᠭᠠᠳᠠᠨᠠᠬᠢ ᠬᠠᠮᠵᠢᠯᠴᠠᠨ ᠦᠢᠯᠡᠴᠢᠯᠡᠬᠦ ᠲᠣᠭᠲᠠᠴᠠ ᠶᠢ ᠴᠢᠩᠭᠠᠷᠠᠭᠤᠯᠵᠤ᠂ ᠭᠥᠯᠢᠶᠡᠨ ᠠᠪᠴᠤ ᠰᠢᠢᠳᠪᠦᠷᠢᠯᠡᠬᠦ | ᠶᠡᠷᠦᠩᠬᠡᠶᠢᠯᠡᠭᠰᠡᠨ ᠴᠣᠩᠬᠤᠪᠴᠢ ᠶᠢᠨ ᠬᠠᠷᠢᠴᠠᠯ ᠢ 80% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ ︵ | ᠲᠦᠷᠦᠭᠦᠯᠡᠬᠦ ᠨᠢᠭᠡᠴᠡ᠄ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠡᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ | ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ | ᠤᠰᠤᠨ ᠠᠰᠢᠭᠯᠠᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠬᠤᠲᠠ ᠶᠢᠨ ᠵᠡᠮᠳᠡᠭᠴᠦᠳ ᠤᠨ ᠬᠤᠯᠪᠣᠭ᠎ᠠ᠂ | ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶᠃ | ︵ᠭᠤᠷᠪᠠ︶ ᠠᠮᠠᠯᠠᠯᠲᠠ ᠪᠠᠨ ᠮᠡᠳᠡᠭᠳᠡᠬᠦ᠂ ᠳᠤᠲᠠᠭᠤ ᠶᠢ ᠪᠠᠭᠲᠠᠭᠠᠬᠤ ᠶᠢ ᠬᠦᠯᠢᠶᠡᠨ ᠠᠪᠴᠤ | ᠰᠢᠢᠳᠪᠦᠷᠢᠯᠡᠬᠦ ᠵᠦᠢᠯᠡᠰ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠡᠯ᠎ᠡ ᠬᠢᠨᠠᠨ ᠵᠥᠪᠰᠢᠶᠡᠷᠡᠬᠦ | ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠲᠦᠭᠰᠢᠭᠦᠷᠢ ᠶᠢ ᠡᠵᠡᠮᠳᠡᠵᠦ ᠪᠣᠯᠬᠤ᠂ | ᠪᠤᠷᠤᠭᠤ ᠶᠢ ᠵᠠᠯᠠᠷᠠᠭᠤᠯᠬᠤ ᠥᠪᠡᠷ ᠤᠨ ᠥᠷᠲᠡᠭ ᠨᠢ ᠳᠣᠤᠷ᠎ᠠ ᠮᠥᠷᠲᠡᠭᠡᠨ ᠠᠵᠢᠯ ᠶᠠᠪᠤᠳᠠᠯ ᠤᠨ ᠳᠤᠮᠳᠠᠬᠢ ᠪᠠ | ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠷ ᠳᠠᠮᠵᠢᠭᠤᠯᠤᠨ ᠲᠦᠭᠰᠢᠭᠦᠷᠢ ᠶᠢ ᠪᠦᠲᠦᠮᠵᠢᠲᠡᠶ | ᠰᠡᠷᠭᠡᠶᠢᠯᠡᠵᠦ ᠳᠡᠶᠢᠯᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠮᠬᠢᠯᠡᠵᠦ᠂ ᠪᠥᠬᠦ ᠬᠤᠲᠠ ᠳᠤ | 100 ᠵᠦᠢᠯ ᠠᠴᠠ ᠳᠤᠲᠠᠭᠤ ᠥᠬᠡᠶ ᠮᠡᠳᠡᠭᠳᠡᠬᠦ ᠠᠮᠠᠯᠠᠯᠲᠠ ᠶᠢ ᠬᠡᠷᠡᠭᠵᠢᠭᠦᠯᠵᠦ᠂ 300 ᠵᠦᠢᠯ ᠠᠴᠠ ᠳᠤᠲᠠᠭᠤ | ᠥᠬᠡᠶ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠬᠦ ᠶᠢ ᠬᠡᠷᠡᠭᠵᠢᠭᠦᠯᠦᠨ᠎ᠡ᠃ ᠬᠢᠨᠠᠨ ᠵᠥᠪᠰᠢᠶᠡᠷᠡᠬᠦ᠂ ᠬᠢᠨᠠᠨ | ᠬᠠᠮᠢᠶᠠᠷᠬᠤ᠂ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠦᠢᠯᠡᠴᠢᠯᠡᠬᠦ | ᠡᠲᠡᠭᠡᠳ ᠤᠨ ᠠᠮᠠᠯᠠᠯᠲᠠ ᠪᠠ ᠭᠡᠷ᠎ᠡ ᠪᠠᠨ ᠭᠦᠢᠴᠡᠳᠬᠡᠭᠰᠡᠨ ᠮᠡᠳᠡᠭᠡ ᠵᠠᠩᠭᠢ ᠶᠢ ᠢᠲᠡᠭᠡᠮᠵᠢ ᠶᠢᠨ ᠮᠡᠳᠡᠭᠡ ᠵᠠᠩᠭᠢ ᠶᠢ | ᠬᠠᠮᠲᠤᠪᠠᠷ ᠬᠦᠷᠲᠡᠬᠦ ᠲᠠᠪᠴᠠᠩ ᠳᠤ ᠬᠠᠮᠲᠤᠪᠠᠷ ᠬᠦᠷᠲᠡᠬᠦ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠬᠤ | ᠬᠡᠷᠡᠭᠲᠡᠢ᠃ ︵ᠲᠦᠷᠦᠭᠦᠯᠡᠬᠦ ᠨᠢᠭᠡᠴᠡ᠄ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ︶᠃ | ︵ᠲᠦᠷᠪᠡ︶ ᠨᠡᠩ ᠣᠯᠠᠨ ᠵᠦᠢᠯᠡᠰ ᠢ ᠮᠤᠵᠢ ᠠᠯᠤᠰᠯᠠᠨ ᠨᠡᠶᠢᠳᠡᠮ ᠭᠦᠢᠴᠡᠳᠬᠡᠬᠦ᠂ ᠪᠥᠬᠦ ᠣᠷᠣᠨ ᠳᠤ | ᠨᠡᠶᠢᠳᠡᠮ ᠭᠦᠢᠴᠡᠳᠭᠡᠬᠦ ᠵᠢᠴᠢ ᠬᠤᠲᠠ ᠶᠢᠨ ᠬᠡᠪᠴᠢᠶᠡᠨ ᠳᠤ ᠨᠡᠶᠢᠳᠡᠮ ᠭᠦᠢᠴᠡᠳᠭᠡᠬᠦ ᠶᠢ ᠠᠬᠢᠭᠤᠯᠬᠤ ᠬᠡᠷᠡᠭᠲᠡᠢ᠃ | ᠨᠢᠭᠡ ᠴᠤᠭᠴᠠᠵᠢᠭᠤᠯᠤᠭᠰᠠᠨ ᠲᠠᠪᠴᠠᠩ ᠳᠤ ᠲᠦᠰᠢᠭᠯᠡᠨ᠂ ᠣᠨᠳᠣᠤ ᠭᠠᠵᠠᠷ ᠤᠨ ᠵᠦᠢᠯᠡᠰ ᠢ ᠨᠢᠭᠡ ᠯᠡ ᠥᠷᠲᠡᠭᠡᠨ ᠤ | ᠮᠠᠶ᠋ᠢᠭ ᠢᠶᠠᠷ ᠭᠦᠢᠴᠡᠳᠭᠡᠬᠦ ᠶᠢ ᠪᠡᠶᠡᠯᠡᠭᠦᠯᠵᠦ᠂ ᠰᠦᠯᠵᠢᠶᠡᠨ ᠠᠴᠠ ᠭᠠᠳᠠᠨᠠᠬᠢ ᠣᠷᠣᠯᠠᠨ ᠬᠤᠷᠢᠶᠠᠵᠤ ᠣᠷᠣᠯᠠᠨ | ᠭᠦᠢᠴᠡᠳᠭᠡᠬᠦ ᠦᠢᠯᠡᠴᠢᠯᠡᠭᠡᠨ ᠤ ᠵᠠᠭᠪᠤᠷ ᠢ ᠰᠢᠯᠢᠳᠡᠭᠵᠢᠭᠦᠯᠦᠨ᠂ ᠭᠥᠯᠢᠶᠡᠨ ᠠᠪᠬᠤ᠂ ᠭᠦᠢᠴᠡᠳᠭᠡᠬᠦ ᠬᠤᠶᠠᠷ | ᠭᠠᠵᠠᠷ ᠤᠨ ᠴᠣᠩᠬᠤᠪᠴᠢ ᠶᠢᠨ ᠬᠠᠮᠵᠢᠯᠴᠠᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ | ᠣᠷᠣᠯᠠᠨ ᠬᠤᠷᠢᠶᠠᠵᠤ ᠣᠷᠣᠯᠠᠨ ᠭᠦᠢᠴᠡᠳᠭᠡᠬᠦ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢ ᠲᠣᠳᠤᠷᠬᠠᠶᠢᠯᠠᠬᠤ ᠬᠡᠷᠡᠭᠲᠡᠢ᠃ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠰᠦᠯᠵᠢᠶᠡᠨ | ᠳᠡᠭᠡᠷᠡᠬᠢ ᠦᠢᠯᠡᠴᠢᠯᠡᠭᠡᠨ ᠤ ᠲᠤᠰᠬᠠᠶ ᠣᠷᠣᠨ ᠤ ᠪᠠᠶᠢᠭᠤᠯᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ︽ᠮᠤᠵᠢ ᠠᠯᠤᠰᠯᠠᠨ ᠨᠡᠶᠢᠳᠡᠮ | ᠭᠦᠢᠴᠡᠳᠭᠡᠬᠦ︾ ᠲᠤᠰᠬᠠᠶ ᠣᠷᠣᠨ ᠲᠠᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠥᠨᠳᠥᠷ ᠲᠠᠪᠳᠠᠮᠵᠢᠳᠤ 150 ᠵᠦᠢᠯ ᠤᠨ ᠵᠦᠢᠯᠡᠰ ᠢ ︽ᠪᠦᠬᠦ | ᠣᠷᠣᠨ ᠳᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ᠃ 1400 ᠵᠦᠢᠯᠡᠰ ᠢ ᠸᠢᠳᠢᠤ᠋ ᠪᠠᠷ ᠲᠤᠰᠠᠯᠠᠬᠤ | ᠰᠢᠰᠲ᠋ᠧᠮ ᠢᠶᠠᠷ ᠳᠠᠮᠵᠢᠭᠤᠯᠤᠨ ᠬᠤᠲᠠ ᠶᠢᠨ ᠬᠡᠪᠴᠢᠶᠡᠨ ᠳᠤ ᠨᠡᠶᠢᠳᠡᠮ ᠭᠦᠢᠴᠡᠳᠭᠡᠬᠦ ᠶᠢ ᠪᠡᠶᠡᠯᠡᠭᠦᠯᠦᠨ᠎ᠡ᠃ ︵ | ᠲᠦᠷᠦᠭᠦᠯᠡᠬᠦ ᠨᠢᠭᠡᠴᠡ᠄ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶ | ᠃ | ︵ᠲᠠᠪᠤ︶ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠣᠷᠣᠨ ᠤ ᠪᠦᠬᠦᠨ ᠢ ᠬᠠᠮᠤᠷᠬᠤ ᠶᠢ | ᠲᠦᠷᠭᠡᠳᠬᠡᠬᠦ ᠬᠡᠷᠡᠭᠲᠡᠢ᠃ ᠤᠯᠠᠭᠠᠨᠬᠠᠳᠠ ᠬᠤᠲᠠ ᠶᠢᠨ ᠲᠣᠰ ᠱᠠᠲᠤ ᠪᠠ ᠡᠯ᠎ᠡ ᠬᠤᠰᠢᠭᠤ ᠰᠢᠶᠠᠨ ᠲᠣᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ︽ᠠᠵᠤ ᠠᠬᠤᠶᠢᠯᠠᠯ ᠤᠨ ᠨᠢᠭᠡ ᠥᠷᠲᠡᠭᠡ | ᠮᠠᠶ᠋ᠢᠭ ᠤᠨ ᠦᠢᠯᠡᠴᠢᠯᠡᠭᠡᠨ ᠤ ᠲᠤᠰᠬᠠᠢ ᠲᠣᠭᠤᠷᠢᠭ︾ ᠪᠠᠶᠢᠭᠤᠯᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ | ᠤᠳᠤᠷᠢᠳᠤᠮᠵᠢ ᠪᠣᠯᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠠᠵᠤ ᠠᠬᠤᠶᠢᠯᠠᠯ ᠳᠤ ᠠᠰᠢᠭ | ᠬᠦᠷᠲᠡᠭᠡᠬᠦ ᠡᠬᠢ ᠪᠠᠶᠠᠯᠢᠭ ᠢ ᠬᠤᠷᠠᠮᠳᠤᠭᠤᠯᠤᠨ᠂ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ | ᠲᠤᠰᠢᠶᠠᠯᠲᠠᠳ ᠤᠨ ᠡᠩᠨᠡᠭᠡ ᠶᠢ ᠵᠣᠬᠢᠶᠠᠨ ᠪᠠᠶᠢᠭᠤᠯᠵᠤ᠂ ᠲᠦᠷᠦᠭᠦᠦ ᠲᠥᠯᠥᠭᠡᠯᠡᠭᠴᠢ ᠶᠢᠨ ᠡᠭᠡᠯᠵᠢᠯᠡᠭᠦᠯᠬᠦ | ᠳᠦᠷᠢᠮ ᠢ ᠪᠠᠶᠢᠭᠤᠯᠤᠨ᠎ᠠ᠃ ︽ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ︾᠂ ︽ | ᠭᠤᠶᠤᠴᠢᠯᠠᠬᠤ ᠦᠭᠡᠢ ᠪᠠᠷ ᠡᠳ᠋ᠯᠡᠬᠦ︾ ᠲᠦᠷᠦ ᠶᠢᠨ ᠪᠤᠳᠤᠯᠭ᠎ᠠ ᠶᠢᠨ ᠵᠥᠪᠯᠡᠯᠭᠡ ᠥᠭᠬᠦ᠂ ᠬᠠᠪᠰᠤᠷᠤᠨ | ᠰᠢᠢᠳᠪᠦᠷᠢᠯᠡᠵᠦ ᠣᠷᠣᠯᠠᠨ ᠭᠦᠢᠴᠡᠳᠬᠡᠬᠦ᠂ ᠬᠤᠳᠠᠯᠳᠤᠭᠠᠨ ᠤ ᠶᠠᠪᠤᠳᠠᠯ ᠤᠨ ᠵᠥᠪᠳᠡᠯᠴᠡᠭᠡᠨ ᠤ ᠣᠶᠢᠯᠠᠭᠠᠯᠲᠠ᠂ | ᠵᠠᠭᠠᠯᠳᠤᠯᠭ᠎ᠠ ᠶᠢ ᠰᠢᠢᠳᠪᠦᠷᠢᠯᠡᠬᠦ ᠣᠷᠣᠨ ᠵᠡᠷᠭᠡ ᠣᠷᠣᠨ ᠪᠦᠰᠡ ᠶᠢ ᠬᠤᠪᠢᠶᠠᠨ ᠪᠠᠶᠢᠭᠤᠯᠵᠤ᠂ ᠠᠵᠤ ᠠᠬᠤᠶᠢᠯᠠᠯ ᠳᠤ | ᠨᠡᠩ ᠣᠨᠣᠪᠴᠢᠲᠠᠢ᠂ ᠳᠥᠭᠦᠮ ᠳᠥᠲᠡ᠂ ᠴᠢᠨᠠᠷ ᠰᠠᠶᠢᠲᠠᠢ᠂ ᠥᠨᠳᠥᠷ ᠪᠦᠲᠦᠮᠵᠢᠲᠡᠢ ︽ᠨᠢᠭᠡ ᠦᠷᠳᠡᠭᠡᠯᠢᠭ︾ | ᠦᠢᠯᠡᠴᠢᠯᠡᠭᠡ ᠬᠠᠩᠭᠠᠬᠤ ᠬᠡᠷᠡᠭᠲᠡᠢ᠃ ᠴᠢᠨᠠᠷᠵᠢᠭᠤᠯᠬᠤ ᠠᠵᠢᠯᠯᠠᠭᠠᠨ ᠢ ᠲᠦᠷᠭᠡᠳᠬᠡᠵᠦ᠂ ᠦᠢᠯᠡᠴᠢᠯᠡᠭᠡᠨ ᠤ | ᠴᠢᠳᠠᠮᠵᠢ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ︽ᠠᠵᠤ ᠠᠬᠤᠶᠢᠯᠠᠯ ᠤᠨ ᠬᠡᠷᠡᠭᠴᠡᠭᠡ | ᠱᠠᠭᠠᠷᠳᠠᠯᠭ᠎ᠠ᠂ ᠲᠦᠷᠭᠡᠨ ᠳᠠᠭᠠᠵᠤ᠂ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠭᠡᠬᠦ᠂ ᠥᠨᠳᠥᠷ | ᠪᠦᠲᠦᠮᠵᠢᠲᠡᠶ ᠦᠢᠯᠡᠴᠢᠯᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠪᠠᠶᠢᠷᠢᠰᠢᠯ ᠢ ᠪᠥᠬᠦ | ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠢ᠃ ︵ᠲᠦᠷᠦᠭᠦᠯᠡᠬᠦ ᠨᠢᠭᠡᠴᠡ᠄ ᠬᠤᠲᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ︶᠃ | ︵ᠵᠢᠷᠭᠤᠭ᠎ᠠ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠦᠷᠭᠦᠯᠵᠢᠯᠡᠨ | ᠪᠠᠶᠠᠯᠢᠭᠵᠢᠭᠤᠯᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠲᠡᠶᠢᠰᠢ | ᠤᠷᠲᠤᠳᠬᠠᠬᠤ ᠪᠠ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠯᠠᠪᠳᠠᠭᠤᠨ ᠢᠶᠠᠷ ᠠᠬᠢᠭᠤᠯᠵᠤ᠂ ᠬᠤᠲᠠ᠂ ᠬᠤᠰᠢᠭᠤ ᠰᠢᠶᠠᠨ ᠲᠣᠭᠤᠷᠢᠭ᠂ ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠥᠷᠪᠡᠨ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠠᠯᠠᠭ᠎ᠠ ᠮᠥᠴᠢᠷ ᠤᠳ ᠨᠢᠭᠡᠳᠦᠯᠲᠡᠶ ᠬᠠᠮᠢᠶᠠᠷᠬᠤ ᠪᠠ ᠦᠢᠯᠡᠴᠢᠯᠡᠭᠡᠨ ᠤ ᠪᠠᠷᠢᠮᠵᠢᠶ᠎ᠠ ᠶᠢ | ᠨᠢᠭᠡᠳᠦᠯᠲᠡᠶ ᠪᠣᠯᠭᠠᠵᠤ᠂ ᠭᠦᠢᠴᠡᠳᠬᠡᠬᠦ ᠪᠠᠷᠢᠮᠵᠢᠶ᠎ᠠ ᠶᠢ ᠨᠢᠭᠡᠳᠦᠯᠲᠡᠶ᠂ ᠠᠵᠢᠯ ᠶᠠᠪᠤᠳᠠᠯ ᠭᠦᠢᠴᠡᠳᠬᠡᠬᠦ ᠲᠠᠪᠴᠠᠩ ᠢ | ᠨᠢᠭᠡᠳᠦᠯᠲᠡᠶ᠂ ᠬᠢᠨᠠᠯᠲᠠ ᠲᠠᠯᠪᠢᠵᠤ ᠦᠨᠡᠯᠡᠬᠦ ᠶᠢ ᠨᠢᠭᠡᠳᠦᠯᠲᠡᠶ ᠪᠠᠶᠢᠯᠭᠠᠬᠤ ᠶᠢ ᠠᠬᠢᠭᠤᠯᠬᠤ ᠬᠡᠷᠡᠭᠲᠡᠢ᠃ ᠨᠢᠭᠡ | ᠪᠦᠯᠦᠭ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ ᠪᠠ ᠬᠦᠷᠢᠶᠡᠯᠡᠩ | ᠲᠣᠭᠤᠷᠢᠭ ᠤᠨ ᠪᠠᠷᠢᠮᠵᠢᠶᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠥᠷᠲᠡᠭᠡ ᠶᠢ | ᠥᠨᠳᠥᠷ ᠪᠠᠷᠢᠮᠵᠢᠶ᠎ᠠ ᠪᠠᠷ ᠪᠠᠶᠢᠭᠤᠯᠬᠤ ᠬᠡᠷᠡᠭᠲᠡᠢ᠃ ᠡᠷᠴᠢᠮ ᠢᠶᠠᠨ ᠴᠢᠩᠭᠠᠷᠠᠭᠤᠯᠤᠨ ︽ᠵᠠᠰᠠᠭ ᠪᠠᠩᠬᠢ ᠶᠢᠨ | ᠦᠢᠯᠡᠰ ᠤᠨ ᠬᠠᠮᠲᠤᠷᠠᠯᠴᠠᠭ᠎ᠠ︾ ᠶᠢᠨ ᠦᠢᠯᠡᠴᠢᠯᠡᠭᠡᠨ ᠤ ᠲᠣᠣᠷ ᠴᠡᠭ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ | ᠥᠪᠡᠰᠦᠪᠡᠨ ᠦᠢᠯᠡᠴᠢᠯᠡᠬᠦ ᠦᠵᠦᠭᠦᠷ ᠢ ᠬᠦᠷᠢᠶᠡᠯᠡᠩ ᠲᠣᠭᠤᠷᠢᠭ᠂ ᠠᠰᠠᠷ ᠪᠠᠶᠢᠰᠢᠩ᠂ ᠭᠠᠴᠠᠭ᠎ᠠ ᠲᠣᠰᠬᠤᠨ ︵ | ᠨᠡᠶᠢᠭᠡᠮ ᠲᠣᠭᠤᠷᠢᠭ︶ ᠳᠤ ᠣᠷᠣᠭᠤᠯᠬᠤ ᠶᠢ ᠲ᠊ ᠠᠬᠢᠭᠤᠯᠬᠤ ᠬᠡᠷᠡᠭᠲᠡᠢ᠃︶ ᠪᠠᠩᠬᠢ ᠶᠢᠨ ᠲᠣᠤᠷ ᠴᠢᠭ ᠵᠡᠷᠭᠡ ᠶᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠦ᠋ᠲ᠋ᠣ᠋ ᠦᠵᠦᠭᠦᠷ ᠢ ᠨᠢᠭᠡᠳᠦᠯᠲᠡᠶ ᠬᠠᠮᠢᠶᠠᠷᠬᠤ ᠳᠦᠷᠢᠮ ᠵᠢᠴᠢ | ᠦᠢᠯᠡᠴᠢᠯᠡᠭᠡᠨ ᠤ ᠪᠠᠷᠢᠮᠵᠢᠶ᠎ᠠ ᠶᠢ ᠲᠡᠭᠦᠯᠳᠡᠷᠵᠢᠭᠦᠯᠬᠦ ᠬᠡᠷᠡᠭᠲᠡᠢ᠃ ︵ᠲᠦᠷᠦᠭᠦᠯᠡᠬᠦ ᠨᠢᠭᠡᠴᠡ᠄ ᠬᠤᠲᠠ ᠶᠢᠨ | ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ | ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶᠃ | ︵ᠳᠤᠯᠤᠭ᠎ᠠ︶ ᠡᠯᠤᠺᠳ᠋ᠷᠤᠨ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠶᠢᠨ ᠴᠤᠭᠯᠠᠷᠠᠯ ᠢ ᠴᠢᠩᠭᠠᠳᠬᠠᠬᠤ | ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠪᠤᠴᠠᠭᠠᠬᠤ ᠶᠣᠰᠣᠲᠠᠶ ᠶᠢ ᠨᠢ ᠪᠦᠬᠦᠨ ᠢ ᠪᠤᠴᠠᠭᠠᠬᠤ ᠵᠠᠷᠴᠢᠮ ᠶᠣᠰᠣᠭᠠᠷ᠂ | ᠦᠯᠡᠳᠡᠭᠡᠯ ᠦᠨᠡᠮᠯᠡᠯ ᠤᠨ ᠲᠤᠭ᠎ᠠ ᠪᠠᠷᠢᠮᠲᠠ ᠶᠢ ᠰᠢᠰᠲ᠋ᠧᠮ ᠳᠤ ᠣᠷᠣᠭᠤᠯᠬᠤ ᠶᠢ ᠲᠦᠷᠭᠡᠳᠬᠡᠵᠦ᠂ ᠰᠢᠨ᠎ᠡ ᠪᠠᠷ ᠪᠣᠶ | ᠪᠣᠯᠤᠭᠰᠠᠨ ᠲᠤᠭ᠎ᠠ ᠪᠠᠷᠢᠮᠲᠠ ᠶᠢ ᠰᠢᠰᠲ᠋ᠧᠮ ᠳᠤ ᠵᠡᠷᠭᠡ ᠳᠤᠨᠢ ᠣᠷᠣᠭᠤᠯᠵᠤ᠂ ᠡᠯᠤᠺᠳ᠋ᠷᠤᠨ ᠦᠨᠡᠮᠯᠡᠯ ᠤᠨ ᠲᠤᠭ᠎ᠠ | ᠪᠠᠷᠢᠮᠲᠠ ᠶᠢᠨ ᠲᠤᠭ᠎ᠠ ᠪᠠᠷᠢᠮᠲᠠ ᠵᠢᠴᠢ ᠦᠨᠡᠮᠯᠡᠯ ᠤᠨ ᠲᠥᠷᠥᠯ ᠬᠡᠯᠪᠡᠷᠢ ᠶᠢᠨ ᠲᠤᠭ᠎ᠠ ᠬᠡᠮᠵᠢᠶ᠎ᠡ ᠶᠢ ᠳᠡᠭᠡᠭᠰᠢᠯᠡᠭᠦᠯᠬᠦ | ᠬᠡᠷᠡᠭᠲᠡᠢ᠃ ᠡᠯᠤᠺᠳ᠋ᠷᠤᠨ ᠦᠨᠡᠮᠯᠡᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠬᠡᠷᠡᠭᠯᠡᠬᠦ ᠶᠢ ᠢᠳᠡᠪᠬᠢᠲᠡᠶ | ᠥᠷᠭᠡᠳᠬᠡᠵᠦ᠂ ᠰᠦᠯᠵᠢᠶᠡᠨ ᠳᠡᠭᠡᠷᠡᠬᠢ ᠡᠯᠤᠺᠳ᠋ᠷᠤᠨ ᠦᠨᠡᠮᠯᠡᠯ ᠤᠨ ᠬᠥᠮᠥᠷᠭᠡ ᠪᠤᠶᠤ ᠰᠦᠯᠵᠢᠶᠡᠨ ᠭᠠᠳᠠᠨᠠᠬᠢ | ᠡᠯᠤᠺᠳ᠋ᠷᠤᠨ ᠦᠨᠡᠮᠯᠡᠯ ᠢ ᠬᠢᠨᠠᠨ ᠰᠢᠯᠭᠠᠬᠤ ᠲᠤᠰᠬᠠᠶ ᠲᠣᠭᠤᠷᠢᠭ ᠢᠶᠠᠷ ᠳᠠᠮᠵᠢᠭᠤᠯᠤᠨ ᠬᠢᠨᠠᠨ ᠰᠢᠯᠭᠠᠭᠰᠠᠨ | ᠦᠨᠡᠮᠯᠡᠯ ᠳᠤ ᠴᠥᠮ ︽ᠦᠨᠡᠮᠯᠡᠯ ᠦᠭᠡᠢ ᠭᠦᠢᠴᠡᠳᠬᠡᠬᠦ︾ ᠶᠢ ᠬᠡᠷᠡᠭᠵᠢᠭᠦᠯᠬᠦ ᠶᠢᠨ ᠬᠠᠮᠲᠤ᠂ ᠠᠵᠤ ᠠᠬᠤᠶᠢᠯᠠᠯ ᠤᠨ | ᠬᠠᠤᠯᠢ ᠶᠢᠨ ᠡᠷᠬᠡᠲᠡᠨ ᠪᠠ ᠬᠠᠤᠯᠢ ᠶᠢᠨ ᠡᠷᠬᠡᠲᠡᠨ ᠤ ᠪᠤᠰᠤ ᠠᠵᠤ ᠠᠬᠤᠶᠢᠯᠠᠯ ᠤᠨ ᠡᠯᠤᠺᠳ᠋ᠷᠤᠨ ᠭᠠᠷ ᠤᠨ ᠥᠰᠥᠭ | ᠵᠢᠷᠤᠵᠤ ᠲᠠᠮᠠᠭ᠎ᠠ ᠳᠠᠷᠤᠬᠤ ᠶᠢ ᠶᠡᠬᠡᠪᠡᠷ ᠳᠡᠯᠭᠡᠷᠡᠭᠦᠯᠬᠦ ᠬᠡᠷᠡᠭᠲᠡᠢ᠃ ︵ᠲᠦᠷᠦᠭᠦᠯᠡᠬᠦ ᠨᠢᠭᠡᠴᠡ᠄ ᠬᠤᠲᠠ ᠶᠢᠨ | ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠡᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ | ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶᠃ | ︵ᠨᠠᠢᠮᠠ︶ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠰᠠᠭᠤᠷᠢ ᠶᠢ ᠪᠠᠬᠢᠵᠢᠭᠦᠯᠬᠦ | ᠬᠡᠷᠡᠭᠲᠡᠢ᠃ ᠡᠯ᠎ᠡ ᠲᠥᠷᠥᠯ ᠤᠨ ᠳ᠋ᠠᠶᠢᠲ᠋ᠠ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠬᠤᠷᠠᠮᠳᠤᠭᠤᠯᠵᠤ | ᠬᠠᠮᠲᠤ ᠪᠠᠷ ᠡᠳ᠋ᠯᠡᠬᠦ ᠶᠢ ᠲᠦᠷᠭᠡᠳᠬᠡᠵᠦ᠂ ᠡᠯ᠎ᠡ ᠰᠠᠯᠠᠭ᠎ᠠ ᠮᠥᠴᠢᠷ ᠲᠠᠢ ᠬᠠᠮᠵᠢᠯᠴᠠᠨ ᠲᠣᠰ ᠰᠠᠯᠠᠭ᠎ᠠ ᠮᠥᠴᠢᠷ ᠤᠨ | ᠭᠤᠷᠪᠠᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ | ᠪᠠᠷᠢᠮᠵᠢᠶ᠎ᠠ ᠶᠣᠰᠣᠭᠠᠷ᠂ ᠬᠥᠳᠡᠯᠦᠩᠭᠦᠶ ᠬᠠᠮᠢᠶᠠᠷᠤᠯᠲᠠ ᠶᠢᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠪᠠ | ᠰᠢᠨᠡᠳᠬᠡᠬᠦ ᠲᠣᠭᠲᠠᠴᠠ ᠶᠢ ᠪᠠᠶᠢᠭᠤᠯᠵᠤ᠂ ᠳ᠋ᠠᠶᠢᠲ᠋ᠠ ᠶᠢ ᠴᠠᠭ ᠲᠤᠬᠠᠶ ᠳᠤᠨᠢ ᠰᠢᠨᠡᠳᠬᠡᠵᠦ᠂ ᠭᠠᠷᠴᠠᠭ ᠵᠢᠴᠢ ᠡᠬᠢ | ᠪᠠᠶᠠᠯᠢᠭ ᠤᠨ ᠳ᠋ᠠᠶᠢᠲ᠋ᠠ ᠶᠢᠨ ᠬᠡᠮᠵᠢᠶ᠎ᠡ᠂ ᠡᠬᠢ ᠪᠠᠶᠠᠯᠢᠭ ᠢ ᠬᠤᠯᠪᠤᠵᠤ ᠵᠠᠯᠭᠠᠬᠤ ᠨᠣᠷᠮ᠎ᠠ ᠵᠢᠴᠢ ᠰᠢᠯᠵᠢᠭᠦᠯᠦᠨ | ᠬᠡᠷᠡᠭᠯᠡᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ︵ᠲᠦᠷᠦᠭᠦᠯᠡᠬᠦ ᠨᠢᠭᠡᠴᠡ᠄ ᠬᠤᠲᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡ ᠬᠢᠭᠡᠳ ᠳ᠋ᠡᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ︶᠃ | ︵ᠶᠢᠰᠦ︶ ᠵᠠᠬ᠎ᠠ ᠵᠡᠭᠡᠯᠢ ᠳᠤ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠪᠠᠨ ᠳᠣᠭᠤᠭᠰᠢᠯᠠᠭᠤᠯᠬᠤ ᠬᠡᠷᠡᠭᠲᠡᠢ᠃ | ︽ᠴᠠᠭᠠᠵᠠᠯᠠᠬᠤ ᠥᠬᠡᠶ ᠪᠣᠯ ᠳᠠᠷᠤᠶ ᠣᠷᠣᠭᠤᠯᠬᠤ︾ ᠵᠠᠷᠴᠢᠮ ᠶᠣᠰᠣᠭᠠᠷ᠂ ᠬᠠᠤᠯᠢ ᠴᠠᠭᠠᠵᠠ ᠬᠠᠤᠯᠢ | ᠲᠣᠭᠲᠠᠭᠠᠯ ᠳᠤ ᠣᠷᠣᠭᠤᠯᠬᠤ ᠶᠢ ᠲᠣᠳᠣᠷᠬᠠᠶ ᠴᠠᠭᠠᠵᠠᠯᠠᠭᠰᠠᠨ ᠥᠬᠡᠶ ᠦᠢᠯᠡᠴᠢᠯᠡᠭᠡᠨ ᠤ ᠦᠢᠯᠡᠰ ᠤᠨ ᠠᠵᠢᠯ | ᠲᠥᠷᠥᠯ ᠪᠠ ᠬᠦᠷᠢᠶ᠎ᠡ ᠴᠠᠷᠠᠭ᠎ᠠ ᠶᠢ ᠪᠦᠬᠦᠨ ᠢ ᠭᠠᠳᠠᠭᠠᠳᠤ ᠪᠡᠯᠡ ᠪᠠ ᠤᠯᠤᠰ ᠤᠨ ᠳᠣᠲᠣᠭᠠᠳᠤ ᠶᠢᠨ ᠠᠷᠠᠳ ᠤᠨ | ᠬᠥᠷᠥᠩᠭᠡ ᠳᠤ ᠨᠡᠭᠡᠭᠡᠵᠦ᠂ ᠳᠣᠲᠣᠭᠠᠳᠤ ᠭᠠᠳᠠᠭᠠᠳᠤ ᠪᠡᠯᠡ ᠪᠠ ᠲᠣᠰ ᠭᠠᠵᠠᠷ ᠣᠷᠣᠨ ᠤ ᠠᠵᠤ ᠠᠬᠤᠶᠢᠯᠠᠯ ᠳᠤ | ᠠᠳᠠᠯᠢ ᠲᠡᠭᠰᠢ ᠣᠯᠭᠤᠮᠵᠢ ᠣᠯᠭᠤᠬᠤ ᠶᠢ ᠬᠡᠷᠡᠭᠵᠢᠭᠦᠯᠬᠦ ᠬᠡᠷᠡᠭᠲᠡᠢ᠃ ︽ᠪᠥᠬᠦ ᠤᠯᠤᠰ ᠪᠠᠷ ᠵᠶᠡᠨ ᠨᠢᠭᠡ ᠨᠠᠷᠢᠨ | ᠬᠠᠭᠤᠳᠠᠰᠤ︾ ᠶᠢᠨ ᠬᠠᠮᠢᠶᠠᠷᠤᠯᠲᠠ ᠶᠢᠨ ᠵᠠᠭᠪᠤᠷ ᠢ ᠴᠢᠩᠭ᠎ᠠ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠲᠤ | ᠣᠷᠣᠬᠤ ᠶᠢ ᠵᠥᠪᠰᠢᠶᠡᠷᠡᠬᠦ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠠᠴᠠ ᠵᠥᠷᠢᠴᠡᠭᠰᠡᠨ ᠬᠡᠷᠡᠭ ᠤᠨ ᠵᠢᠱᠢᠶ᠎ᠡ ᠶᠢ | ᠭᠦᠨᠵᠡᠭᠡᠶ ᠵᠢᠭᠰᠠᠭᠠᠨ ᠪᠠᠶᠢᠴᠠᠭᠠᠵᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠨᠥᠯᠥᠭᠡᠯᠡᠵᠦ ᠪᠠᠶᠢᠭ᠎ᠠ | ᠬᠢᠵᠠᠭᠠᠷᠯᠠᠬᠤ ᠴᠢᠨᠠᠷᠲᠠᠶ᠂ ᠰᠠᠭᠠᠳᠲᠤ ᠴᠢᠨᠠᠷᠲᠠᠶ᠂ ᠭᠠᠳᠠᠭᠤᠷᠴᠢᠯᠠᠬᠤ ᠴᠢᠨᠠᠷᠲᠠᠶ ᠲᠥᠷᠥ ᠶᠢᠨ ᠪᠣᠳᠣᠯᠭ᠎ᠠ ᠶᠢ ᠪᠥᠬᠦ | ᠲᠠᠯ᠎ᠠ ᠪᠠᠷ ᠢᠯᠭᠠᠷᠠᠭᠤᠯᠬᠤ ᠬᠡᠷᠡᠭᠲᠡᠢ᠃ ︵ᠲᠦᠷᠦᠭᠦᠯᠡᠬᠦ ᠨᠢᠭᠡᠴᠡ᠄ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ︶᠃ | ︵ᠠᠷᠪᠠ︶ ᠠᠵᠤ ᠠᠬᠤᠶᠢᠯᠠᠯ ᠤᠨ ᠡᠯᠤᠺᠳ᠋ᠷᠤᠨ ᠲᠠᠩᠰᠠ ᠡᠪᠬᠡᠮᠡᠯ ᠢ ᠪᠥᠬᠦ ᠬᠤᠲᠠ ᠳᠤ ᠨᠡᠶᠢᠳᠡᠮ | ᠪᠠᠶᠢᠴᠠᠭᠠᠬᠤ ᠠᠵᠢᠯ ᠢ ᠦᠷᠨᠢᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠠᠰᠢᠨ ᠢᠶᠠᠷ ᠤᠩᠰᠢᠬᠤ | ᠳᠠᠩᠰᠠ ᠡᠪᠬᠡᠮᠡᠯ ᠤᠨ ᠮᠡᠳᠡᠭᠡ ᠵᠠᠩᠭᠢ ᠶᠢ ᠣᠨᠳᠣᠣ ᠭᠠᠵᠠᠷ ᠲᠤ ᠪᠠᠶᠢᠴᠠᠭᠠᠨ ᠯᠠᠪᠯᠠᠬᠤ ᠠᠵᠢᠯ ᠢ ᠡᠬᠢᠯᠡᠭᠦᠯᠵᠦ᠂ ᠪᠦᠬᠦ | ᠬᠤᠲᠠ ᠶᠢᠨ ᠡᠯ᠎ᠡ ᠱᠠᠲᠤᠨ ᠤ ᠳᠠᠩᠰᠠᠯᠠᠨ ᠲᠡᠮᠳᠡᠭᠯᠡᠬᠦ ᠪᠠᠶᠢᠭᠤᠯᠭ᠎ᠠ ᠳᠤ ᠳᠠᠩᠰᠠᠯᠠᠨ ᠲᠡᠮᠳᠡᠭᠯᠡᠬᠦ ᠵᠠᠬ᠎ᠠ ᠳᠡᠯᠭᠡᠭᠦᠷ ᠤᠨ | ᠭᠤᠣᠯ ᠴᠣᠭᠴᠠ᠂ ᠭᠤᠶᠤᠴᠢᠯᠠᠭᠴᠢ ︵ᠪᠠᠶᠢᠴᠠᠭᠠᠨ ᠠᠰᠠᠭᠤᠭᠴᠢ︶ ᠪᠥᠬᠦ ᠬᠤᠲᠠ ᠶᠢᠨ ᠳᠤᠷ᠎ᠠ ᠪᠠᠷ ᠢᠶᠠᠨ | ᠳᠠᠩᠰᠠᠯᠠᠬᠤ ᠪᠠᠶᠢᠭᠤᠯᠭ᠎ᠠ ᠶᠢ ᠰᠣᠩᠭᠤᠨ ᠮᠡᠳᠡᠭᠡ ᠵᠠᠩᠭᠢ ᠤᠩᠰᠢᠭᠤᠯᠵᠤ᠂ ᠠᠵᠢᠯ ᠶᠠᠪᠤᠳᠠᠯ ᠭᠦᠢᠴᠡᠳᠭᠡᠬᠦ ᠣᠯᠠᠨ | ᠲᠦᠮᠡᠨ ᠤ ᠮᠠᠰᠢᠨ ᠢᠶᠠᠷ ᠤᠩᠰᠢᠬᠤ ᠲᠠᠩᠰᠠ ᠡᠪᠬᠡᠮᠡᠯ ᠢ ᠪᠠᠶᠢᠴᠠᠭᠠᠨ ᠯᠠᠪᠯᠠᠵᠤ ᠣᠨᠳᠣᠤ ᠭᠠᠵᠠᠷ ᠲᠤ ᠭᠦᠶᠦᠬᠦ | ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ︵ᠲᠦᠷᠦᠭᠦᠯᠡᠬᠦ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶ | ᠃ | | |