| | ᠬᠤᠩᠱᠠᠨ ᠲᠣᠭᠤᠷᠢᠭ᠂ ᠰᠥᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠬᠤᠯᠪᠣᠭᠳᠠᠯ ᠪᠥᠬᠦᠶ ᠵᠥᠪᠯᠡᠯ ᠠᠯᠪᠠᠨ ᠬᠡᠷ ᠲᠣᠪᠴᠢᠶ᠎ᠠ ᠳᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠤᠯᠠᠭᠠᠨᠬᠠᠳᠠ | ᠬᠤᠲᠠ ᠶᠢᠨ ᠲᠥᠪ ᠬᠤᠲᠠ ᠶᠢᠨ ᠲᠣᠭᠤᠷᠢᠭ ᠤᠨ ᠲᠡᠦᠬᠡᠨ᠎ᠡ ᠦᠯᠡᠳᠡᠭᠳᠡᠵᠦ ᠢᠷᠡᠭᠰᠡᠨ ᠣᠷᠣᠨ ᠰᠠᠭᠤᠴᠠ ᠶᠢᠨ ᠪᠤᠰᠤ | ᠭᠡᠷ ᠪᠠᠶᠢᠰᠢᠩ ᠭᠠᠵᠠᠷ ᠬᠥᠷᠥᠩᠭᠡ ᠶᠢᠨ ᠬᠤᠪᠢᠶᠠᠷᠢᠯᠠᠨ ᠦᠭᠭᠦᠭᠰᠡᠨ ᠭᠠᠵᠠᠷ ᠰᠢᠷᠤᠢ ᠶᠢ ᠬᠢᠮᠲᠠ ᠪᠠᠷ ᠬᠤᠳᠠᠯᠳᠤᠭᠰᠠᠨ | ᠨᠥ᠋ᠬᠦᠪᠥᠷᠢ ᠲᠤᠰᠢᠶᠠᠬᠤ ᠭᠠᠵᠠᠷ ᠰᠢᠷᠣᠢ ᠪᠣᠯᠭᠠᠵᠤ ᠬᠤᠪᠢᠷᠠᠭᠤᠯᠤᠭᠰᠠᠨ ᠨᠥᠬᠦᠪᠥᠷᠢ ᠮᠥᠩᠭᠦ ᠶᠢᠨ ᠠᠰᠠᠭᠤᠳᠠᠯ ᠢ | ᠰᠢᠢᠳᠪᠦᠷᠢᠯᠡᠬᠦ ᠠᠷᠭ᠎ᠠ︾ ᠶᠢ ᠲᠠ ᠨᠠᠷ ᠲᠤ ᠳᠠᠷᠤᠮᠠᠯᠯᠠᠨ ᠲᠠᠷᠬᠠᠭᠠᠪᠠ᠂ ᠪᠣᠳᠠᠲᠠᠢ ᠲᠠᠢ ᠪᠠᠨ ᠤᠶᠠᠯᠳᠤᠭᠤᠯᠵᠤ᠂ | ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃ | 2024 ᠣᠨ ᠤ 7 ᠰᠠᠷ᠎ᠠ ᠶᠢᠨ 23 ᠤ ᠡᠳᠦᠷ | ︵ᠲᠤᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠤᠯᠠᠭᠠᠨᠬᠠᠳᠠ ᠬᠤᠲᠠ ᠶᠢᠨ ᠲᠥᠪ ᠬᠤᠲᠠ ᠶᠢᠨ ᠲᠣᠭᠤᠷᠢᠭ ᠤᠨ ᠲᠡᠦᠬᠡᠨ᠎ᠡ ᠦᠯᠡᠳᠡᠭᠳᠡᠵᠦ ᠢᠷᠡᠭᠰᠡᠨ | ᠣᠷᠣᠨ ᠰᠠᠭᠤᠴᠠ ᠶᠢᠨ ᠪᠤᠰᠤ ᠭᠡᠷ ᠪᠠᠶᠢᠰᠢᠩ ᠭᠠᠵᠠᠷ ᠬᠥᠷᠥᠩᠭᠡ ᠶᠢᠨ ᠬᠤᠪᠢᠶᠠᠷᠢᠯᠠᠨ ᠦᠭᠭᠦᠭᠰᠡᠨ ᠭᠠᠵᠠᠷ | ᠰᠢᠷᠤᠢ ᠶᠢ ᠬᠢᠮᠲᠠ ᠪᠠᠷ ᠬᠤᠳᠠᠯᠳᠤᠭᠰᠠᠨ ᠨᠥᠬᠦᠪᠥᠷᠢ ᠲᠤᠰᠢᠶᠠᠬᠤ ᠭᠠᠵᠠᠷ ᠰᠢᠷᠣᠢ ᠪᠣᠯᠭᠠᠵᠤ ᠬᠤᠪᠢᠷᠠᠭᠤᠯᠤᠭᠰᠠᠨ | ᠨᠥᠬᠦᠪᠥᠷᠢ ᠮᠥᠩᠭᠦ ᠶᠢᠨ ᠠᠰᠠᠭᠤᠳᠠᠯ ᠢ ᠰᠢᠢᠳᠪᠦᠷᠢᠯᠡᠬᠦ ᠠᠷᠭ᠎ᠠ | ︽ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠲᠡᠦᠬᠡᠨ᠎ᠡ ᠦᠯᠡᠳᠡᠭᠳᠡᠵᠦ ᠢᠷᠡᠭᠰᠡᠨ ᠠᠰᠠᠭᠤᠳᠠᠯ ᠤᠳ ᠢ | ᠲᠦᠷᠭᠡᠳᠬᠡᠨ ᠰᠢᠢᠳᠪᠦᠷᠢᠯᠡᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠶᠢᠨ | ᠡᠳ᠋ ᠬᠥᠷᠥᠩᠭᠡ ᠲᠠᠷᠬᠠᠭᠠᠭᠰᠠᠨ ︹2011︺ 1 ᠳ᠋ᠦ᠋ᠭᠡᠷ ᠲᠣᠭᠠᠲᠤ︶᠂ ︽ᠬᠤᠲᠠ ᠪᠠᠯᠭᠠᠰᠤ ᠶᠢᠨ ᠤᠯᠤᠰ ᠤᠨ | ᠥᠮᠴᠢᠯᠡᠯᠲᠦ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠤᠨ ᠡᠷᠬᠡ ᠶᠢᠨ ᠬᠠᠷᠢᠶ᠎ᠠ ᠶᠢ ᠳᠠᠩᠰᠠᠯᠠᠬᠤ ᠵᠡᠷᠭᠡ ᠲᠡᠦᠬᠡᠨ᠎ᠡ | ᠦᠯᠡᠳᠡᠭᠳᠡᠵᠦ ᠢᠷᠡᠭᠰᠡᠨ ᠠᠰᠠᠭᠤᠳᠠᠯ ᠢ ᠲᠣᠬᠢᠲᠠᠢ ᠰᠢᠢᠳᠪᠦᠷᠢᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠣᠭᠤᠳᠬᠤ ᠰᠠᠨᠠᠯ︾ ︵ᠥᠪᠥᠷ ᠵᠠᠰᠠᠭ ᠠᠯᠪᠠᠨ | ᠲᠠᠷᠬᠠᠭᠠᠭᠰᠠᠨ ︹2018︺ 95 ᠳ᠋ᠤᠭᠠᠷ ᠲᠣᠭᠠᠲᠤ︶᠂ ︽ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠪᠠᠷᠢᠴᠠᠭᠠᠯᠠᠬᠤ ᠬᠤᠶᠠᠳᠤᠭᠠᠷ | ᠳᠡᠰ ᠤᠨ ᠵᠠᠬ᠎ᠠ ᠳᠡᠯᠭᠡᠭᠦᠷ ᠢ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2011︺ | 4 ᠳ᠋ᠦ᠋ᠭᠡᠷ ᠲᠣᠭᠠᠲᠤ︶᠂ ︽ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯ ᠢ ᠲᠦᠷᠭᠡᠳᠬᠡᠨ ᠠᠬᠢᠭᠤᠯᠬᠤ | ᠲᠤᠬᠠᠢ ᠵᠢᠯᠣᠭᠤᠳᠬᠤ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2012︺ 391 ᠳ᠋ᠦ᠋ᠭᠡᠷ | ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠲᠥᠪ | ᠪᠤᠰᠤ ᠭᠡᠷ ᠪᠠᠶᠢᠰᠢᠩ ᠭᠠᠵᠠᠷ ᠰᠢᠷᠣᠢ ᠳᠡᠭᠡᠷᠡᠬᠢ ᠣᠷᠣᠨ ᠰᠠᠭᠤᠴᠠ ᠶᠢ ᠬᠤᠪᠢᠶᠠᠷᠢᠯᠠᠨ ᠰᠠᠯᠭᠠᠵᠤ ᠦᠭᠭᠦᠭᠰᠡᠨ | ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ᠮᠠᠨ ᠤ ᠬᠤᠲᠠ ᠶᠢᠨ ᠨᠡᠶᠢᠭᠡᠮ ᠤᠨ ᠡᠶ᠎ᠡ ᠵᠣᠬᠢᠴᠠᠯ ᠲᠠᠢ ᠪᠠᠶᠢᠬᠤ ᠶᠢ | ᠬᠠᠮᠠᠭᠠᠯᠠᠬᠤ ᠶᠢᠨ ᠲᠤᠰᠠᠳᠠ᠂ ᠲᠤᠰ ᠠᠷᠭ᠎ᠠ ᠶᠢ ᠲᠣᠭᠲᠠᠭᠠᠪᠠ᠃ | ᠨᠢᠭᠡ᠂ ᠦᠨᠳᠦᠰᠦᠨ ᠵᠠᠷᠴᠢᠮ ︵ᠨᠢᠭᠡ︶ ᠲᠡᠦᠬᠡ ᠶᠢ ᠬᠦᠨᠳᠦᠳᠭᠡᠵᠦ ᠦᠨᠡᠨ ᠠᠴᠠ ᠵᠥᠪ ᠢ ᠨᠢ ᠡᠷᠢᠯᠬᠢᠯᠡᠬᠦ | ᠬᠡᠷᠡᠭᠲᠡᠢ᠃ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠠᠵᠢᠯᠯᠠᠭ᠎ᠠ ᠶᠢᠨ ᠪᠣᠳᠠᠲᠠᠢ ᠡᠭᠦᠰᠬᠦ | ᠦᠶ᠎ᠡ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠵᠢᠴᠢ ᠮᠠᠨ ᠤ | ᠬᠤᠲᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ | ᠪᠠᠶᠢᠳᠠᠯ ᠢ ᠭᠦᠢᠴᠡᠳ ᠪᠣᠳᠣᠯᠬᠢᠯᠠᠵᠤ᠂ ᠲᠡᠦᠬᠡ ᠶᠢ ᠬᠦᠨᠳᠦᠳᠬᠡᠨ᠂ ᠪᠣᠳᠠᠲᠤ ᠪᠠᠶᠢᠳᠠᠯ ᠳᠤ ᠬᠠᠨᠳᠤᠵᠤ᠂ | ᠦᠨᠡᠨ ᠠᠴᠠ ᠵᠥᠪ ᠢ ᠡᠷᠢᠵᠦ᠂ ᠲᠣᠬᠢᠲᠠᠢ ᠰᠢᠢᠳᠪᠦᠷᠢᠯᠡᠬᠦ ᠬᠡᠷᠡᠭᠲᠡᠢ᠃ | ︵ᠬᠤᠶᠠᠷ︶ ᠠᠷᠠᠳ ᠲᠤ ᠠᠰᠢᠭᠲᠠᠶ᠂ ᠥᠨᠳᠥᠷ ᠪᠦᠲᠦᠮᠵᠢᠲᠡᠶ ᠪᠥᠭᠡᠳ ᠪᠣᠳᠠᠲᠠᠶ ᠶᠢ ᠡᠷᠬᠢᠮᠯᠡᠬᠦ ᠬᠡᠷᠡᠭᠲᠡᠢ᠃ | ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠨ᠂ ᠣᠯᠠᠨ ᠲᠦᠮᠡᠨ ᠤ ᠲᠤᠯᠭᠠᠮ᠎ᠠ | ᠬᠡᠷᠡᠭᠴᠡᠭᠡ ᠶᠢ ᠪᠣᠳᠣᠯᠬᠢᠯᠠᠵᠤ᠂ ᠭᠤᠤᠯ ᠪᠠ ᠲᠡᠳ᠋ ᠵᠥᠷᠢᠴᠡᠯ ᠢ ᠡᠵᠡᠮᠰᠢᠨ᠂ ᠤᠯᠤᠰ᠂ ᠬᠠᠮᠲᠤ ᠨᠡᠶᠢᠲᠡ ᠪᠣᠯᠤᠨ | ᠣᠯᠠᠨ ᠲᠦᠮᠡᠨ ᠤ ᠠᠰᠢᠭ ᠲᠤᠰᠠ ᠶᠢᠨ ᠬᠠᠷᠢᠴᠠᠭ᠎ᠠ ᠶᠢ ᠲᠣᠬᠢᠲᠠᠶ ᠰᠠᠶᠢᠲᠤᠷ ᠰᠢᠢᠳᠪᠦᠷᠢᠯᠡᠵᠦ᠂ ᠠᠷᠠᠳ ᠲᠤ ᠠᠰᠢᠭ | ᠬᠦᠷᠲᠡᠭᠡᠵᠦ᠂ ᠣᠯᠠᠨ ᠲᠦᠮᠡᠨ ᠤ ᠦᠯᠦ ᠬᠥᠳᠡᠯᠬᠦ ᠬᠥᠷᠥᠩᠭᠡ ᠶᠢᠨ ᠳᠠᠩᠰᠠᠯᠠᠯ ᠢ ᠭᠦᠢᠴᠡᠳᠬᠡᠬᠦ ᠳᠤ ᠳᠥᠭᠦᠮ | ᠦᠵᠡᠭᠦᠯᠬᠦ ᠬᠡᠷᠡᠭᠲᠡᠢ᠃ | ︵ᠭᠤᠷᠪᠠ︶ ᠴᠤᠪᠤᠷᠠᠯ ᠢ ᠰᠢᠯᠢᠳᠡᠭᠵᠢᠭᠦᠯᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠷᠬᠡ ᠲᠡᠭᠰᠢ᠂ | ᠲᠥᠪ ᠭᠤᠣᠯᠴᠢ ᠶᠢ ᠪᠠᠲᠤᠯᠠᠭᠰᠠᠨ ᠤᠷᠢᠲᠠᠯ ᠳᠣᠣᠷ᠎ᠠ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠭᠦᠢᠴᠡᠳᠬᠡᠬᠦ ᠶᠠᠪᠤᠴᠠ ᠶᠢ ᠰᠢᠯᠢᠳᠡᠭᠵᠢᠬᠦᠯᠪᠡ᠃ ᠭᠠᠵᠠᠷ ᠰᠢᠷᠣᠶ ᠶᠢ ᠬᠢᠮᠳᠠ ᠪᠠᠷ ᠬᠤᠳᠠᠯᠳᠤᠭᠰᠠᠨ ᠮᠥᠩᠭᠦ ᠶᠢ | ᠨᠥᠬᠦᠵᠦ ᠲᠤᠰᠢᠶᠠᠬᠤ ᠶᠢᠨ ᠦᠨᠡᠯᠡᠨ ᠵᠢᠱᠢᠬᠦ᠂ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠲᠥᠰᠦᠯ ᠢ | ᠮᠡᠳᠡᠭᠦᠯᠦᠨ ᠵᠥᠪᠰᠢᠶᠡᠷᠡᠭᠦᠯᠬᠦ ᠵᠡᠷᠭᠡ ᠵᠦᠢᠯ ᠤᠳ ᠢ ᠰᠢᠯᠢᠳᠡᠭᠵᠢᠭᠦᠯᠬᠦ ᠬᠡᠷᠡᠭᠲᠡᠶ᠃ | ᠬᠤᠶᠠᠷ᠂ ᠬᠡᠷᠡᠭᠯᠡᠬᠦ ᠬᠡᠪᠴᠢᠶ᠎ᠡ | ︵ᠨᠢᠭᠡ︶ 2017 ᠣᠨ ᠤ 3 ᠰᠠᠷ᠎ᠠ ᠶᠢᠨ 1 ᠤ ᠡᠳᠦᠷ ᠠᠴᠠ ᠡᠮᠦᠨ᠎ᠡ᠂ ᠤᠯᠠᠭᠠᠨᠬᠠᠳᠠ ᠬᠤᠲᠠ ᠶᠢᠨ | ᠬᠤᠲᠠ ᠶᠢᠨ ᠶᠡᠷᠦᠩᠬᠡᠢ ᠲᠥᠯᠥᠪᠵᠢᠭᠦᠯᠭᠡ ᠳᠤ ᠲᠣᠭᠲᠠᠭᠠᠭᠰᠠᠨ ᠭᠤᠣᠯ ᠬᠤᠲᠠ ᠲᠣᠭᠤᠷᠢᠭ ︵ᠬᠠᠷᠠᠴᠢᠨ | ᠬᠤᠰᠢᠭᠤᠨ ᠤ ᠾᠧ ᠮᠧᠢ ᠬᠦᠷᠢᠶᠡᠯᠡᠩ ᠲᠣᠭᠤᠷᠢᠭ᠂ ᠶᠤᠸᠠᠨ ᠪᠦᠦ ᠱᠠᠨ ᠲᠣᠭᠤᠷᠢᠭ ᠤᠨ ᠮᠠ ᠯᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠᠭᠲᠠᠬᠤ ᠦᠭᠡᠢ᠃︶ ᠬᠦᠷᠢᠶ᠎ᠡ ᠬᠡᠪᠴᠢᠶᠡᠨ ᠳᠣᠲᠣᠷ᠎ᠠ᠂ | ᠬᠤᠪᠢᠶᠠᠷᠢᠯᠠᠨ ᠥᠭᠭᠦᠭᠰᠡᠨ ᠣᠷᠣᠨ ᠰᠠᠭᠤᠴᠠ ᠶᠢᠨ ᠪᠤᠰᠤ ᠭᠠᠵᠠᠷ ᠳᠡᠭᠡᠷ᠎ᠡ ᠨᠢᠭᠡᠨᠲᠡ ᠭᠡᠷ ᠪᠠᠶᠢᠰᠢᠩ ᠤᠨ ᠥᠮᠴᠢᠯᠡᠬᠦ | ᠡᠷᠬᠡ ᠶᠢᠨ ᠦᠨᠡᠮᠯᠡᠯ ᠣᠯᠤᠭᠰᠠᠨ ᠬᠥᠮᠦᠨ ᠪᠤᠶᠤ ᠬᠠᠤᠯᠢ ᠴᠠᠭᠠᠵᠠ ᠶᠢᠨ ᠬᠦᠴᠦᠨ ᠲᠠᠢ ᠪᠢᠴᠢᠭ ᠮᠠᠲ᠋ᠧᠷᠢᠶᠠᠯ ᠢᠶᠠᠷ | ᠲᠣᠭᠲᠠᠭᠠᠭᠰᠠᠨ ᠰᠢᠯᠵᠢᠭᠦᠯᠦᠨ ᠠᠪᠤᠭᠰᠠᠨ ᠭᠡᠷ ᠪᠠᠶᠢᠰᠢᠩ ᠤᠨ ᠡᠷᠬᠡᠲᠦ ᠬᠥᠮᠦᠨ᠂ ᠭᠡᠷ ᠪᠠᠶᠢᠰᠢᠩ ᠭᠠᠵᠠᠷ ᠰᠢᠷᠣᠶ ᠶᠢ | ᠨᠢᠭᠡ ᠴᠤᠭᠴᠠᠵᠢᠭᠤᠯᠤᠭᠰᠠᠨ ᠵᠠᠷᠴᠢᠮ ᠶᠣᠰᠣᠭᠠᠷ᠂ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠲᠣᠬᠢᠷᠠᠯᠴᠠᠭᠰᠠᠨ | ᠭᠠᠵᠠᠷ ᠰᠢᠷᠣᠶ ᠶᠢᠨ ᠬᠡᠷᠡᠭᠯᠡᠬᠦ ᠡᠷᠬᠡ ᠶᠢᠨ ᠲᠣᠬᠢᠷᠠᠯᠴᠠᠬᠤ ᠭᠠᠷᠳᠠᠮ ᠢ ᠦᠨᠡᠨᠬᠦ ᠨᠥᠬᠦᠵᠦ ᠭᠦᠢᠴᠡᠳᠬᠡᠬᠦ ᠴᠢᠬᠤᠯᠠᠲᠠᠶ | ᠪᠣᠯ ᠲᠡᠦᠬᠡᠨ ᠦᠯᠡᠳᠡᠭᠳᠡᠯ ᠠᠰᠠᠭᠤᠳᠠᠯ ᠪᠣᠯᠭᠠᠨ ᠲᠤᠰ ᠠᠷᠭ᠎ᠠ ᠶᠢ ᠬᠡᠷᠡᠭᠵᠢᠭᠦᠯᠦᠨ᠎ᠡ᠃ ᠡᠭᠦᠨ ᠳᠤ ᠭᠤᠤᠯᠳᠠᠭᠤ | ᠪᠠᠭᠲᠠᠬᠤ ᠨᠢ᠄ | 1. ᠳᠠᠮᠫᠤᠷᠠᠭᠰᠠᠨ ᠠᠵᠤ ᠠᠬᠤᠶᠢᠯᠠᠯ ᠤᠨ ᠭᠡᠷ ᠪᠠᠶᠢᠰᠢᠩ ᠢ ᠰᠢᠢᠳᠪᠦᠷᠢᠯᠡᠬᠦ ᠪᠠᠷ ᠳᠠᠮᠵᠢᠭᠤᠯᠤᠨ ᠬᠤᠪᠢᠶᠠᠷᠢᠯᠠᠨ | ᠥᠭᠭᠦᠭᠰᠡᠨ ᠭᠠᠵᠠᠷ ᠰᠢᠷᠣᠶ ᠳᠡᠭᠡᠷᠡᠬᠢ ᠭᠡᠷ ᠪᠠᠶᠢᠰᠢᠩ ᠤᠨ ᠥᠮᠴᠢᠯᠡᠬᠦ ᠡᠷᠬᠡ ᠶᠢ ᠣᠯᠤᠭᠰᠠᠨ᠂ ᠭᠠᠵᠠᠷ ᠰᠢᠷᠣᠶ | ᠬᠡᠷᠡᠭᠯᠡᠬᠦ ᠡᠷᠬᠡ ᠶᠢ ᠬᠢᠮᠳᠠ ᠪᠠᠷ ᠬᠤᠳᠠᠯᠳᠤᠬᠤ ᠭᠠᠷᠳᠠᠮ ᠢ ᠨᠥᠬᠦᠵᠦ ᠭᠦᠢᠴᠡᠳᠬᠡᠬᠦ ᠪᠠᠷ ᠭᠤᠶᠤᠴᠢᠯᠠᠭᠰᠠᠨ ᠪᠠᠶᠢᠬᠤ | ᠬᠡᠷᠡᠭᠲᠡᠢ᠃ | 2. ᠤᠤᠯ ᠤᠨ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠶᠢᠨ ᠬᠡᠷᠡᠭᠯᠡᠬᠦ ᠡᠷᠬᠡᠲᠦ ᠬᠥᠮᠦᠨ ᠠᠵᠤ ᠠᠬᠤᠶᠢᠯᠠᠯ ᠤᠨ | ᠪᠠᠶᠢᠭᠤᠯᠤᠯ ᠢᠶᠠᠨ ᠥᠭᠡᠷᠡᠴᠢᠯᠡᠬᠦ᠂ ᠬᠦᠴᠦᠨ ᠦᠭᠡᠶ ᠪᠣᠯᠭᠠᠬᠤ ᠪᠠ ᠣᠯᠠᠨ ᠤᠳᠠᠭ᠎ᠠ ᠰᠢᠯᠵᠢᠭᠦᠯᠦᠨ ᠥᠭᠬᠦ ᠵᠡᠷᠭᠡ | ᠰᠢᠯᠲᠠᠭᠠᠨ ᠠᠴᠠ ᠪᠣᠯᠵᠤ ᠭᠤᠶᠤᠴᠢᠯᠠᠯ ᠭᠠᠷᠭᠠᠵᠤ ᠳᠡᠶᠢᠯᠬᠦ ᠦᠭᠡᠶ ᠪᠠᠶᠢᠲᠠᠯ᠎ᠠ ᠣᠳᠣ ᠶᠢᠨ ᠭᠡᠷ ᠪᠠᠶᠢᠰᠢᠩ ᠤᠨ | ᠥᠮᠴᠢᠯᠡᠬᠦ ᠡᠷᠬᠡᠲᠦ ᠬᠥᠮᠦᠨ ᠤ ᠨᠢᠭᠡ ᠡᠲᠡᠭᠡᠳ ᠨᠢ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ | ᠭᠠᠷᠳᠠᠮ ᠢ ᠲᠤᠰᠠᠭᠠᠷ ᠨᠢ ᠭᠤᠶᠤᠴᠢᠯᠠᠨ ᠭᠦᠢᠴᠡᠳᠬᠡᠭᠰᠡᠨ ᠪᠠᠶᠢᠬᠤ ᠬᠡᠷᠡᠭᠲᠡᠢ᠃ | 3. ᠰᠢᠭᠦᠬᠦ ᠬᠤᠷᠢᠶ᠎ᠠ ᠪᠠᠷ ᠬᠢᠨᠠᠨ ᠲᠣᠭᠲᠠᠭᠠᠯᠭᠠᠭᠰᠠᠨ ᠪᠤᠶᠤ ᠦᠨ᠎ᠡ ᠬᠠᠶᠠᠨ ᠬᠤᠳᠠᠯᠳᠤᠭᠠᠳ ᠬᠤᠪᠢᠶᠠᠷᠢᠯᠠᠨ | ᠥᠭᠭᠦᠭᠰᠡᠨ ᠭᠠᠵᠠᠷ ᠰᠢᠷᠣᠶ ᠳᠡᠭᠡᠷᠡᠬᠢ ᠥᠮᠴᠢᠯᠡᠬᠦ ᠡᠷᠬᠡ ᠲᠠᠢ ᠬᠥᠮᠦᠨ ᠪᠤᠶᠤ ᠰᠢᠯᠵᠢᠭᠦᠯᠦᠨ ᠠᠪᠤᠭᠴᠢ ᠳᠤ ᠭᠠᠵᠠᠷ | ᠰᠢᠷᠣᠶ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠭᠠᠷᠳᠠᠮ ᠢ ᠨᠥᠬᠦᠵᠦ ᠭᠦᠢᠴᠡᠳᠬᠡᠯᠭᠡᠬᠦ ᠪᠠᠷ ᠭᠤᠶᠤᠴᠢᠯᠠᠭᠰᠠᠨ | ᠪᠠᠶᠢᠬᠤ ᠬᠡᠷᠡᠭᠲᠡᠢ᠃ | 4. ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠳᠡᠭᠡᠷ᠎ᠡ ᠨᠢᠭᠡᠨᠲᠡ ᠰᠠᠯᠭᠠᠵᠤ ᠳᠠᠩᠰᠠᠯᠠᠭᠤᠯᠤᠭᠰᠠᠨ ᠭᠡᠷ ᠪᠠᠶᠢᠰᠢᠩ ᠢ | ᠤᠯᠤᠰ ᠤᠨ ᠥᠮᠴᠢᠯᠡᠯᠲᠦ ᠡᠳ᠋ ᠬᠥᠷᠥᠩᠭᠡ ᠪᠣᠯᠭᠠᠨ ᠬᠤᠪᠢᠶᠠᠷᠢᠯᠠᠨ ᠰᠢᠯᠵᠢᠭᠦᠯᠵᠦ᠂ ᠬᠤᠪᠢᠶᠠᠷᠢᠯᠠᠨ | ᠰᠢᠯᠵᠢᠭᠦᠯᠦᠭᠰᠡᠨ ᠤ ᠳᠠᠷᠠᠭ᠎ᠠ ᠭᠠᠵᠠᠷ ᠰᠢᠷᠣᠶ ᠶᠢᠨ ᠬᠡᠷᠡᠭᠴᠡᠭᠡ ᠨᠢ ︽ᠬᠤᠪᠢᠶᠠᠷᠢᠯᠠᠨ ᠥᠭᠭᠦᠭᠰᠡᠨ ᠬᠡᠷᠡᠭᠯᠡᠬᠦ | ᠭᠠᠵᠠᠷ ᠤᠨ ᠬᠠᠭᠤᠳᠠᠰᠦ︾ ᠳᠤ ᠨᠡᠶᠢᠴᠡᠬᠦ ᠦᠭᠡᠶ᠂ ᠡᠳ᠋ ᠬᠥᠷᠥᠩᠭᠡ ᠨᠢ ᠰᠢᠯᠵᠢᠭᠦᠯᠦᠨ ᠣᠷᠣᠭᠤᠯᠤᠭᠰᠠᠨ | ᠨᠢᠭᠡᠴᠢ ᠶᠢᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠭᠠᠷᠳᠠᠮ ᠢ ᠨᠥᠬᠦᠵᠦ ᠭᠦᠢᠴᠡᠳᠬᠡᠬᠦ ᠪᠠᠷ | ᠭᠤᠶᠤᠴᠢᠯᠠᠭᠰᠠᠨ ᠪᠠᠶᠢᠬᠤ ᠬᠡᠷᠡᠭᠲᠡᠢ᠃ | 5. ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠪᠠᠷ ᠳᠠᠮᠵᠢᠨ ᠣᠯᠤᠭᠰᠠᠨ ᠬᠤᠪᠢᠶᠠᠷᠢᠯᠠᠨ | ᠥᠭᠭᠦᠭᠰᠡᠨ ᠭᠠᠵᠠᠷ ᠰᠢᠷᠣᠶ ᠳᠡᠭᠡᠷᠡᠬᠢ ᠭᠡᠷ ᠪᠠᠶᠢᠰᠢᠩ ᠢ ᠭᠡᠷ ᠪᠠᠶᠢᠰᠢᠩ ᠰᠢᠯᠵᠢᠭᠦᠯᠦᠨ ᠠᠪᠤᠭᠴᠢ ᠭᠠᠵᠠᠷ ᠰᠢᠷᠣᠶ ᠶᠢᠨ | ᠬᠡᠷᠡᠭᠯᠡᠯᠲᠡ ᠶᠢᠨ ᠡᠷᠬᠡ ᠶᠢ ᠬᠢᠮᠳᠠ ᠪᠠᠷ ᠬᠤᠳᠠᠯᠳᠤᠬᠤ ᠭᠠᠷᠳᠠᠮ ᠢ ᠨᠥᠬᠦᠵᠦ ᠭᠦᠢᠴᠡᠳᠬᠡᠬᠦ ᠪᠠᠷ ᠭᠤᠶᠤᠴᠢᠯᠠᠭᠰᠠᠨ | ᠪᠠᠶᠢᠬᠤ ᠬᠡᠷᠡᠭᠲᠡᠢ᠃ | 6. ᠪᠤᠰᠤᠳ ᠲᠡᠤᠬᠡ ᠶᠢᠨ ᠰᠢᠯᠲᠠᠭᠠᠨ ᠠᠴᠠ ᠪᠣᠯᠵᠣ ᠬᠤᠪᠢᠶᠠᠷᠢᠯᠠᠨ ᠥᠭᠬᠦ ᠨᠥᠬᠦᠴᠡᠯ ᠳᠤ ᠨᠡᠶᠢᠴᠡᠬᠦ ᠥᠬᠡᠶ ᠪᠣᠯ | ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠭᠠᠷᠳᠠᠮ ᠢ ᠨᠥᠬᠦᠨ ᠭᠦᠢᠴᠡᠳᠬᠡᠬᠦ ᠴᠢᠬᠤᠯᠠᠲᠠᠶ᠃ | ︵ᠬᠤᠶᠠᠷ︶ ᠳᠣᠤᠷᠠᠬᠢ ᠪᠠᠶᠢᠳᠠᠯ ᠳᠤ ᠲᠤᠰ ᠠᠷᠭ᠎ᠠ ᠶᠢ ᠬᠡᠷᠡᠭᠯᠡᠬᠦ ᠦᠭᠡᠶ᠂ ᠨᠢᠭᠡᠨᠲᠡ ᠪᠠᠶᠢᠭ᠎ᠠ ᠲᠥᠷᠥ ᠶᠢᠨ | ᠪᠣᠳᠣᠯᠭ᠎ᠠ ᠶᠢᠨ ᠶᠣᠰᠣᠭᠠᠷ ᠬᠡᠷᠡᠭᠵᠢᠭᠦᠯᠬᠦ ᠬᠡᠷᠡᠭᠲᠡᠶ᠃ | 1. ᠬᠤᠪᠢᠶᠠᠷᠢᠯᠠᠨ ᠥᠭᠭᠦᠭᠰᠡᠨ ᠣᠷᠣᠨ ᠰᠠᠭᠤᠴᠠ ᠶᠢᠨ ᠬᠡᠷᠡᠭᠯᠡᠬᠦ ᠭᠠᠵᠠᠷ ᠳᠡᠭᠡᠷᠡᠬᠢ ᠭᠡᠷ ᠪᠠᠶᠢᠰᠢᠩ ᠤᠨ | ᠥᠮᠴᠢᠯᠡᠬᠦ ᠡᠷᠬᠡ ᠶᠢ ᠣᠷᠣᠨ ᠰᠠᠭᠤᠴᠠ ᠶᠢᠨ ᠪᠤᠰᠤ ᠭᠡᠷ ᠪᠠᠶᠢᠰᠢᠩ ᠢᠶᠠᠷ ᠲᠡᠮᠳᠡᠭᠯᠡᠭᠦᠯᠬᠦ ᠳᠤ᠂ ᠤᠤᠯ ᠤᠨ | ᠬᠤᠪᠢᠶᠠᠷᠢᠯᠠᠨ ᠥᠭᠭᠦᠭᠰᠡᠨ ᠬᠡᠷᠡᠭᠴᠡᠭᠡ ᠪᠠ ᠤᠤᠯ ᠤᠨ ᠭᠡᠷ ᠪᠠᠶᠢᠰᠢᠩ ᠢ ᠳᠠᠩᠰᠠᠯᠠᠨ ᠲᠡᠮᠳᠡᠭᠯᠡᠭᠰᠡᠨ ᠬᠡᠷᠡᠭᠴᠡᠭᠡ ᠪᠠᠷ | ᠦᠨᠡᠨ ᠪᠣᠳᠠᠲᠠᠶ ᠡᠷᠬᠡᠲᠦ ᠬᠥᠮᠦᠨ ᠢᠶᠠᠷ ᠦᠯᠦ ᠬᠥᠳᠡᠯᠬᠦ ᠬᠥᠷᠥᠩᠭᠡ ᠶᠢᠨ ᠳᠠᠩᠰᠠᠯᠠᠯ ᠢ ᠭᠦᠢᠴᠡᠳᠬᠡᠬᠦ ᠬᠡᠷᠡᠭᠲᠡᠢ᠃ | 2. ︽ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠬᠡᠷ ᠪᠠᠶᠢᠰᠢᠩ ᠤᠨ ᠡᠷᠬᠡ ᠶᠢᠨ | ᠬᠠᠷᠢᠶᠠᠯᠠᠯ ᠢ ᠨᠢᠭᠡᠳᠦᠯᠲᠡᠶ ᠳᠠᠩᠰᠠᠯᠠᠬᠤ ᠬᠤᠯᠪᠣᠭᠳᠠᠯ ᠪᠥᠬᠦᠶ ᠵᠦᠢᠯᠡᠰ ᠤᠨ ᠲᠤᠬᠠᠶ ᠤᠯᠤᠰ ᠤᠨ ᠪᠠᠶᠢᠭᠤᠯᠭ᠎ᠠ ᠶᠢᠨ | ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ︾ ︵ᠤᠯᠤᠰ ᠤᠨ ᠬᠠᠮᠢᠶᠠᠷᠤᠯᠲᠠ ᠶᠢᠨ ᠬᠡᠷ ᠪᠠᠶᠢᠰᠢᠩ | ᠭᠠᠵᠠᠷ ᠰᠢᠷᠣᠶ ﹇2020﹈ 267 ᠳ᠋ᠤᠭᠠᠷ ᠲᠣᠭᠠᠲᠤ︶ ᠪᠠ ︽ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ | ᠬᠡᠷᠡᠭᠯᠡᠭᠡᠨ ᠤ ᠬᠡᠷ ᠪᠠᠶᠢᠰᠢᠩ ᠤᠨ ᠡᠷᠬᠡ ᠶᠢᠨ ᠬᠠᠷᠢᠶᠠᠯᠠᠯ ᠢ ᠨᠢᠭᠡᠳᠦᠯᠲᠡᠶ ᠳᠠᠩᠰᠠᠯᠠᠬᠤ ᠲᠤᠬᠠᠶ ᠡᠳ᠋ ᠤᠨ ᠵᠠᠰᠠᠭ ᠤᠨ | ᠶᠠᠮᠤᠨ ᠤ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ | ︵ᠡᠳ᠋ ᠭᠠᠶᠢᠯᠢ ﹇2020﹈ 40 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠬᠠᠷᠢᠶᠠᠯᠠᠭᠳᠠᠬᠤ ᠭᠠᠵᠠᠷ ᠰᠢᠷᠣᠶ | ᠪᠤᠶᠤ ᠭᠠᠵᠠᠷ ᠰᠢᠷᠣᠶ ᠳᠡᠭᠡᠷᠡᠬᠢ ᠭᠡᠷ ᠪᠠᠶᠢᠰᠢᠩ ᠨᠢ ᠡᠵᠡᠩᠨᠡᠯᠲᠡ ᠶᠢᠨ ᠴᠢᠨᠠᠷᠲᠠᠶ ᠬᠡᠷᠡᠭᠴᠡᠭᠡ ᠱᠠᠭᠠᠷᠳᠠᠯᠭ᠎ᠠ ᠲᠠᠢ ᠪᠣᠯ | ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠷᠬᠡ ᠶᠢᠨ ᠬᠠᠷᠢᠶᠠᠯᠠᠯ ᠢ ᠨᠢᠭᠡᠳᠦᠯᠲᠡᠶ | ᠲᠡᠮᠳᠡᠭᠯᠡᠬᠦ ᠦᠶ᠎ᠡ ᠳᠤ ᠭᠠᠵᠠᠷ ᠰᠢᠷᠣᠶ ᠳᠤ ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ ᠤᠨ ᠰᠢᠨᠵᠢ ᠴᠢᠨᠠᠷ ᠢ | ᠦᠯᠡᠳᠡᠭᠡᠵᠦ᠂ ᠦᠷᠭᠦᠯᠵᠢᠯᠡᠨ ᠤᠤᠯ ᠤᠨ ᠲᠡᠮᠳᠡᠭᠯᠡᠭᠰᠡᠨ ᠬᠡᠷ ᠪᠠᠶᠢᠰᠢᠩ᠂ ᠭᠠᠵᠠᠷ ᠰᠢᠷᠣᠶ ᠶᠢᠨ ᠬᠡᠷᠡᠭᠴᠡᠭᠡ ᠪᠠᠷ | ᠳᠠᠩᠰᠠᠯᠠᠭᠤᠯᠪᠠ᠃ ᠡᠷᠬᠡ ᠶᠢᠨ ᠬᠠᠷᠢᠶ᠎ᠠ ᠶᠢ ᠨᠢᠭᠡᠳᠦᠯᠲᠡᠶ ᠳᠠᠩᠰᠠᠯᠠᠬᠤ ᠶᠢ ᠪᠡᠶᠡᠯᠡᠭᠦᠯᠦᠭᠰᠡᠨ ᠭᠠᠵᠠᠷ ᠰᠢᠷᠣᠶ ᠳᠡᠭᠡᠷᠡᠬᠢ | ᠡᠵᠡᠩᠨᠡᠯᠲᠡ ᠶᠢᠨ ᠪᠤᠰᠤ ᠴᠢᠨᠠᠷᠲᠠᠶ ᠭᠡᠷ ᠪᠠᠶᠢᠰᠢᠩ ᠤᠨ ᠡᠷᠬᠡ ᠠᠰᠢᠭ ᠨᠢ ᠰᠢᠯᠵᠢᠭᠰᠡᠨ ᠦᠶ᠎ᠡ ᠳᠤ᠂ ᠲᠤᠰ | ᠠᠷᠭ᠎ᠠ ᠶᠢᠨ ᠶᠣᠰᠣᠭᠠᠷ ᠭᠠᠵᠠᠷ ᠰᠢᠷᠣᠶ ᠬᠤᠳᠠᠯᠳᠤᠭᠰᠠᠨ ᠮᠥᠩᠭᠦ ᠶᠢ ᠨᠢ ᠨᠥᠬᠦᠵᠦ ᠲᠤᠰᠢᠶᠠᠭᠰᠠᠨ ᠪᠠᠶᠢᠬᠤ ᠬᠡᠷᠡᠭᠲᠡᠢ | ᠃ | ᠭᠤᠷᠪᠠ᠂ ᠰᠢᠢᠳᠪᠦᠷᠢᠯᠡᠬᠦ ᠠᠷᠭ᠎ᠠ | ︵ᠨᠢᠭᠡ︶ ᠭᠠᠵᠠᠷ ᠰᠢᠷᠤᠢ ᠶᠢᠨ ᠡᠷᠬᠡ ᠶᠢᠨ ᠬᠠᠷᠢᠶᠠᠯᠠᠯ ᠤᠨ ᠲᠠᠯᠠᠪᠠᠢ ᠶᠢ ᠳᠤᠭᠲᠠᠭᠠᠬᠤ ᠴᠡᠭᠴᠡᠯᠡᠨ | ᠬᠤᠪᠢᠶᠠᠷᠢᠯᠠᠵᠤ ᠥᠭᠭᠦᠭᠰᠡᠨ ᠭᠠᠵᠠᠷ ᠰᠢᠷᠣᠶ ᠶᠢ ᠰᠢᠯᠵᠢᠭᠦᠯᠦᠨ ᠥᠭᠬᠦ ᠨᠥᠬᠦᠴᠡᠯ ᠳᠤ ᠨᠡᠶᠢᠴᠡᠬᠦ ᠪᠣᠯᠪᠠᠴᠤ ᠡᠷᠬᠡᠲᠦ | ᠬᠥᠮᠦᠨ᠂ ᠬᠡᠷᠡᠭᠯᠡᠯᠲᠡ ᠨᠢ ᠨᠢᠭᠡᠳᠦᠯᠲᠡᠶ ᠪᠤᠰᠤ ᠪᠠᠶᠢᠪᠠᠯ᠂ ᠵᠠᠷᠴᠢᠮ ᠳᠡᠭᠡᠷ᠎ᠡ ᠪᠠᠨ ᠬᠠᠮᠲᠤ ᠪᠠᠷ ᠬᠡᠷᠡᠭᠯᠡᠬᠦ ᠬᠡᠰᠡᠭ | ᠭᠠᠵᠠᠷ ᠶᠣᠰᠣᠭᠠᠷ ᠰᠢᠢᠳᠪᠦᠷᠢᠯᠡᠬᠦ ᠶᠢᠨ ᠬᠠᠮᠲᠤ ᠭᠡᠷ ᠪᠠᠶᠢᠰᠢᠩ ᠳᠠᠩᠰᠠᠯᠠᠭᠰᠠᠨ ᠪᠠᠷᠢᠯᠭ᠎ᠠ ᠶᠢᠨ ᠲᠠᠯᠠᠪᠠᠶ ᠶᠢ | ᠦᠨᠳᠦᠰᠦᠯᠡᠨ ᠭᠠᠵᠠᠷ ᠰᠢᠷᠣᠶ ᠶᠢᠨ ᠲᠠᠯᠠᠪᠠᠶ ᠶᠢ ᠨᠢ ᠲᠣᠭᠠᠴᠠᠨ ᠪᠣᠳᠣᠵᠤ ᠲᠡᠰᠬᠡᠨ ᠨᠣᠭᠳᠠᠭᠤᠯᠬᠤ ᠬᠡᠷᠡᠭᠲᠡᠶ᠃ | ᠬᠤᠪᠢᠶᠠᠷᠢᠯᠠᠨ ᠥᠭᠭᠦᠭᠰᠡᠨ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠠᠵᠢᠯᠯᠠᠬᠤ ᠵᠡᠷᠭᠡ | ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ ᠳᠡᠭᠡᠷᠡᠬᠢ ᠭᠡᠷ ᠪᠠᠶᠢᠰᠢᠩ ᠨᠢ ᠨᠢᠭᠡᠨᠲᠡ ᠭᠡᠷ ᠪᠠᠶᠢᠰᠢᠩ | ᠳᠠᠩᠰᠠᠯᠠᠭᠤᠯᠬᠤ ᠪᠠᠨ ᠬᠤᠳᠠᠯᠳᠤᠭ᠎ᠠ᠂ ᠣᠷᠣᠨ ᠰᠠᠭᠤᠴᠠ ᠵᠡᠷᠭᠡ ᠬᠡᠷᠡᠭᠴᠡᠭᠡ ᠳᠤ ᠬᠡᠷᠡᠭᠯᠡᠬᠦ ᠪᠠᠷ ᠳᠠᠩᠰᠠᠯᠠᠭᠤᠯᠵᠤ᠂ | ᠭᠠᠵᠠᠷ ᠰᠢᠷᠣᠶ ᠶᠢ ᠰᠠᠯᠭᠠᠬᠤ ᠴᠢᠬᠤᠯᠠᠲᠠᠶ ᠪᠠᠶᠢᠪᠠᠯ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ᠂ ᠠᠮᠤᠷ ᠲᠦᠪᠰᠢᠨ | ᠵᠡᠷᠭᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠰᠠᠭᠤᠷᠢᠨ ᠳᠡᠭᠡᠷ᠎ᠡ᠂ ᠬᠤᠪᠢᠶᠠᠷᠢᠯᠠᠨ ᠥᠭᠭᠦᠭᠰᠡᠨ ᠭᠠᠵᠠᠷ | ᠰᠢᠷᠣᠶ ᠶᠢᠨ ᠬᠡᠷᠡᠭᠯᠡᠬᠦ ᠡᠷᠬᠡᠲᠦ ᠬᠥᠮᠦᠨ ᠠᠴᠠ ᠰᠠᠯᠭᠠᠬᠤ ᠲᠥᠰᠦᠯ ᠲᠣᠭᠲᠠᠭᠠᠵᠤ᠂ ᠵᠠᠭᠠᠭ ᠱᠤᠭᠤᠮ ᠢ ᠲᠣᠳᠣᠷᠬᠠᠶ | ᠲᠣᠭᠲᠠᠭᠠᠬᠤ ᠶᠢᠨ ᠬᠠᠮᠲᠤ ᠬᠠᠮᠢᠶ᠎ᠠ ᠪᠦᠬᠦᠢ ᠡᠷᠬᠡᠲᠦ ᠬᠥᠮᠦᠨ ᠢᠶᠠᠷ ᠵᠥᠪᠰᠢᠶᠡᠷᠡᠭᠦᠯᠬᠦ ᠬᠡᠷᠡᠭᠲᠡᠶ᠃ ᠤᠤᠯ ᠤᠨ ᠣᠯᠠᠨ | ᠨᠡᠶᠢᠲᠡ ᠶᠢᠨ ᠰᠠᠭᠤᠷᠢ ᠢᠵᠢ ᠪᠦᠷᠢᠳᠦᠭᠦᠯᠬᠦ ᠪᠡᠯᠡᠳᠬᠡᠮᠵᠢ᠂ ᠭᠠᠵᠠᠷ ᠳᠣᠤᠷᠠᠬᠢ ᠬᠤᠭᠤᠯᠠᠶ ᠱᠤᠭᠤᠮ᠂ ᠨᠡᠪᠲᠡᠷᠡᠬᠦ | ᠵᠠᠮ ᠵᠡᠷᠭᠡ ᠶᠢᠨ ᠤᠤᠯ ᠪᠠᠶᠢᠳᠠᠯ ᠢ ᠪᠠᠲᠤᠯᠠᠬᠤ ᠬᠡᠷᠡᠭᠲᠡᠶ᠂ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ ᠢ | ᠰᠠᠯᠭᠠᠭᠰᠠᠨ ᠠᠴᠠ ᠪᠣᠯᠵᠤ ᠳᠤᠷ᠎ᠠ ᠪᠠᠷ ᠢᠶᠠᠨ ᠥᠭᠡᠷᠡᠴᠢᠯᠡᠵᠦ᠂ ᠳᠤᠷ᠎ᠠ ᠪᠠᠷ ᠢᠶᠠᠨ ᠬᠦᠷᠢᠶ᠎ᠡ ᠬᠠᠰᠢᠶ᠎ᠠ ᠪᠠᠶᠢᠭᠤᠯᠵᠤ | ᠪᠣᠯᠬᠤ ᠦᠭᠡᠶ᠃ ᠭᠠᠵᠠᠷ ᠰᠢᠷᠣᠶ ᠶᠢ ᠬᠤᠪᠢᠶᠠᠷᠢᠯᠠᠭᠰᠠᠨ ᠤ ᠳᠠᠷᠠᠭ᠎ᠠ᠂ ᠬᠡᠰᠡᠭ ᠭᠠᠵᠠᠷ ᠤᠨ ᠳᠣᠲᠣᠷᠠᠬᠢ ᠭᠡᠷ | ᠪᠠᠶᠢᠰᠢᠩ ᠳᠠᠩᠰᠠᠯᠠᠬᠤ ᠬᠡᠷᠡᠭᠴᠡᠭᠡ᠂ ᠡᠷᠬᠡᠲᠦ ᠬᠥᠮᠦᠨ ᠨᠢ ᠨᠢᠭᠡᠳᠦᠯ ᠦᠭᠡᠶ ᠪᠠᠶᠢᠪᠠᠯ᠂ ᠬᠠᠮᠲᠤ ᠪᠠᠷ ᠬᠡᠷᠡᠭᠯᠡᠬᠦ ᠬᠡᠰᠡᠭ | ᠭᠠᠵᠠᠷ ᠤᠨ ᠶᠣᠰᠣᠭᠠᠷ ᠰᠢᠢᠳᠪᠦᠷᠢᠯᠡᠬᠦ ᠶᠢᠨ ᠬᠠᠮᠲᠤ ᠭᠡᠷ ᠪᠠᠶᠢᠰᠢᠩ ᠳᠠᠩᠰᠠᠯᠠᠬᠤ ᠪᠠᠷᠢᠯᠭ᠎ᠠ ᠶᠢᠨ ᠲᠠᠯᠠᠪᠠᠶ ᠶᠢ | ᠦᠨᠳᠦᠰᠦᠯᠡᠨ ᠭᠠᠵᠠᠷ ᠰᠢᠷᠣᠶ ᠶᠢᠨ ᠲᠠᠯᠠᠪᠠᠶ ᠶᠢ ᠲᠡᠰᠬᠡᠨ ᠨᠣᠭᠳᠠᠭᠤᠯᠬᠤ ᠬᠡᠷᠡᠭᠲᠡᠶ᠃ ᠭᠡᠷ ᠪᠠᠶᠢᠰᠢᠩ ᠢ ᠣᠷᠣᠨ | ᠰᠠᠭᠤᠴᠠ ᠪᠣᠯᠭᠠᠨ ᠳᠠᠩᠰᠠᠯᠠᠭᠰᠠᠨ ᠪᠣᠯ᠂ ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ ᠤᠨ ᠰᠢᠨᠵᠢ ᠴᠢᠨᠠᠷ ᠢ | ᠦᠷᠭᠦᠯᠵᠢᠯᠡᠨ ᠦᠯᠡᠳᠡᠭᠡᠵᠦ᠂ ᠤᠤᠯ ᠤᠨ ᠭᠠᠵᠠᠷ ᠰᠢᠷᠣᠶ ᠶᠢᠨ ᠬᠡᠷᠡᠭᠴᠡᠭᠡ ᠪᠠᠷ ᠳᠠᠩᠰᠠᠯᠠᠨ ᠲᠡᠮᠳᠡᠭᠯᠡᠬᠦ ᠬᠡᠷᠡᠭᠲᠡᠶ᠃ | ᠰᠤᠷᠭᠠᠨ ᠬᠥᠮᠦᠵᠢᠯ᠂ ᠡᠮ ᠡᠮᠨᠡᠯᠭᠡ ᠳᠤ ᠬᠡᠷᠡᠭᠯᠡᠬᠦ ᠭᠠᠵᠠᠷ ᠤᠨ ᠪᠦᠬᠦᠯᠢ ᠴᠣᠭᠴᠠ ᠶᠢᠨ ᠬᠡᠷᠡᠭᠯᠡᠬᠦ ᠴᠢᠳᠠᠮᠵᠢ ᠶᠢ | ᠪᠠᠲᠤᠯᠠᠬᠤ ᠶᠢᠨ ᠲᠤᠰᠠᠳᠠ᠂ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ ᠢ ᠬᠤᠪᠢᠶᠠᠬᠤ ᠳᠤ ᠭᠠᠵᠠᠷ ᠰᠢᠷᠣᠶ ᠬᠡᠷᠡᠭᠯᠡᠬᠦ | ᠡᠷᠬᠡᠲᠦ ᠬᠥᠮᠦᠨ ᠤ ᠬᠠᠷᠢᠶᠠᠯᠠᠭᠳᠠᠬᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠬᠦ ᠬᠡᠷᠡᠭᠲᠡᠶ᠃ | ︵ᠬᠤᠶᠠᠷ︶ ᠭᠠᠵᠠᠷ ᠰᠢᠷᠤᠢ ᠶᠢᠨ ᠬᠡᠷᠡᠭᠯᠡᠯᠲᠡ ᠶᠢ ᠲᠤᠭᠳᠠᠭᠠᠬᠤ ᠭᠡᠷ ᠪᠠᠶᠢᠰᠢᠩ ᠭᠠᠵᠠᠷ ᠬᠥᠷᠥᠩᠭᠡ ᠶᠢᠨ | ᠡᠷᠬᠡ ᠠᠰᠢᠭ ᠢ ᠨᠢᠭᠡᠳᠦᠯᠲᠡᠶ ᠪᠠᠶᠢᠯᠭᠠᠬᠤ ᠵᠠᠷᠴᠢᠮ ᠤᠨ ᠶᠣᠰᠣᠭᠠᠷ᠂ ᠭᠡᠷ ᠪᠠᠶᠢᠰᠢᠩ ᠳᠠᠩᠰᠠᠯᠠᠬᠤ ᠬᠡᠷᠡᠭᠯᠡᠮᠵᠢ ᠶᠢᠨ | ᠶᠣᠰᠣᠭᠠᠷ ᠭᠠᠵᠠᠷ ᠰᠢᠷᠣᠶ ᠶᠢᠨ ᠬᠡᠷᠡᠭᠴᠡᠭᠡ ᠶᠢ ᠲᠣᠭᠲᠠᠭᠠᠵᠤ᠂ ᠰᠢᠯᠵᠢᠭᠦᠯᠦᠨ ᠥᠭᠭᠦᠭᠰᠡᠨ ᠤ ᠳᠠᠷᠠᠭ᠎ᠠ ᠭᠠᠵᠠᠷ | ᠰᠢᠷᠣᠶ ᠶᠢᠨ ᠬᠡᠷᠡᠭᠯᠡᠯᠲᠡ ᠬᠢᠭᠡᠳ ᠣᠳᠣ ᠶᠢᠨ ᠬᠡᠷᠡᠭᠵᠢᠭᠦᠯᠵᠦ ᠪᠠᠶᠢᠭ᠎ᠠ ᠭᠠᠵᠠᠷ ᠰᠢᠷᠣᠶ ᠶᠢᠨ ᠬᠡᠷᠡᠭᠴᠡᠭᠡᠨ ᠤ ᠲᠥᠷᠥᠯ | ᠬᠤᠪᠢᠶᠠᠬᠤ ᠪᠠᠷᠢᠮᠵᠢᠶ᠎ᠠ ᠨᠢ ᠲᠣᠬᠢᠷᠠᠯᠴᠠᠬᠤ ᠦᠭᠡᠶ ᠪᠣᠯ ᠣᠳᠣ ᠶᠢᠨ ᠬᠡᠷᠡᠭᠵᠢᠭᠦᠯᠵᠦ ᠪᠠᠶᠢᠭ᠎ᠠ ᠭᠠᠵᠠᠷ ᠰᠢᠷᠣᠶ ᠶᠢᠨ | ᠬᠡᠷᠡᠭᠴᠡᠭᠡᠨ ᠤ ᠲᠥᠷᠥᠯ ᠬᠤᠪᠢᠶᠠᠬᠤ ᠪᠠᠷᠢᠮᠵᠢᠶ᠎ᠠ ᠶᠣᠰᠣᠭᠠᠷ ᠬᠠᠷᠢᠶᠠᠯᠠᠭᠳᠠᠬᠤ ᠭᠠᠵᠠᠷ ᠤᠨ ᠲᠥᠷᠥᠯ ᠢᠶᠠᠨ ᠳᠠᠬᠢᠵᠤ | ᠲᠣᠭᠲᠠᠭᠠᠬᠤ ᠬᠡᠷᠡᠭᠲᠡᠶ᠃ | ︵ᠭᠤᠷᠪᠠ︶ ᠭᠠᠵᠠᠷ ᠰᠢᠷᠤᠢ ᠬᠡᠷᠡᠭᠯᠡᠬᠦ ᠡᠷᠬᠡ ᠶᠢ ᠰᠢᠯᠵᠢᠬᠦᠯᠤᠨ ᠦᠭᠭᠦᠭᠰᠡᠨ ᠠᠩᠬᠠᠨ ᠤ ᠡᠳᠦᠷ ᠢ | ᠲᠣᠭᠲᠠᠭᠠᠬᠤ ᠭᠠᠵᠠᠷ ᠰᠢᠷᠣᠢ ᠠᠰᠢᠭᠯᠠᠬᠤ ᠡᠷᠬᠡ ᠶᠢ ᠭᠠᠷᠭᠠᠵᠤ ᠥᠭᠬᠦ ᠵᠢᠯ ᠤᠨ ᠬᠤᠭᠤᠴᠠᠭ᠎ᠠ ᠶᠢ ᠤᠭ ᠭᠠᠵᠠᠷ | ᠳᠡᠭᠡᠷᠡᠬᠢ ᠭᠡᠷ ᠪᠠᠶᠢᠰᠢᠩ ᠢ ᠠᠩᠬ᠎ᠠ ᠤᠳᠠᠭ᠎ᠠ ᠰᠢᠯᠵᠢᠭᠦᠯᠵᠦ ᠪᠦᠷᠢᠳᠬᠡᠭᠦᠯᠦᠭᠰᠡᠨ ᠡᠳᠦᠷ ᠠᠴᠠ ᠡᠬᠢᠯᠡᠵᠦ ᠪᠣᠳᠣᠨ᠎ᠠ᠃ | ᠭᠡᠷ ᠪᠠᠶᠢᠰᠢᠩ ᠢ ᠨᠢᠭᠡᠨᠲᠡ ᠲᠠᠷᠠᠬᠠᠶ ᠪᠠᠷ ᠳᠠᠩᠰᠠᠯᠠᠭᠤᠯᠤᠭᠰᠠᠨ ᠪᠠᠶᠢᠪᠠᠯ᠂ ᠭᠡᠷ ᠪᠠᠶᠢᠰᠢᠩ ᠤᠨ ᠥᠮᠴᠢᠯᠡᠬᠦ ᠡᠷᠬᠡ ᠨᠢ | ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠵᠢᠯ ᠤᠨ ᠬᠤᠭᠤᠴᠠᠭ᠎ᠠ ᠶᠢ ᠡᠯ᠎ᠡ ᠢᠵᠢ ᠭᠡᠷ | ᠪᠠᠶᠢᠰᠢᠩ ᠤᠨ ᠥᠮᠴᠢᠯᠡᠬᠦ ᠡᠷᠬᠡ ᠶᠢᠨ ᠬᠠᠷᠢᠶᠠᠯᠠᠯ ᠢ ᠰᠢᠯᠵᠢᠭᠦᠯᠬᠦ ᠳᠠᠩᠰᠠᠯᠠᠯᠲᠠ ᠶᠢ ᠠᠩᠬ᠎ᠠ ᠤᠳᠠᠭ᠎ᠠ | ᠭᠦᠢᠴᠡᠳᠬᠡᠭᠰᠡᠨ ᠡᠳᠦᠷ ᠠᠴᠠ ᠡᠬᠢᠯᠡᠵᠦ ᠪᠣᠳᠣᠨ᠎ᠠ᠃ ᠭᠡᠷ ᠪᠠᠶᠢᠰᠢᠩ ᠤᠨ ᠥᠮᠴᠢᠯᠡᠬᠦ ᠡᠷᠬᠡ ᠨᠢ ᠰᠢᠯᠵᠢᠭᠦᠯᠬᠦ | ᠳᠠᠩᠰᠠᠯᠠᠯᠲᠠ ᠬᠢᠯᠭᠡᠭᠰᠡᠨ ᠦᠭᠡᠢ᠂ ᠭᠡᠪᠡᠴᠦ ᠬᠠᠤᠯᠢ ᠴᠠᠭᠠᠵᠠ ᠶᠢᠨ ᠬᠦᠴᠦᠨ ᠲᠠᠢ ᠪᠢᠴᠢᠭ ᠮᠠᠲ᠋ᠧᠷᠢᠶᠠᠯ ᠢᠶᠠᠷ ᠭᠠᠵᠠᠷ | ᠰᠢᠷᠤᠢ ᠶᠢᠨ ᠬᠡᠷᠡᠭᠯᠡᠬᠦ ᠡᠷᠬᠡ ᠶᠢ ᠬᠤᠪᠢᠶᠠᠷᠢᠯᠠᠨ ᠥᠭᠬᠦ ᠨᠥᠬᠦᠴᠡᠯ ᠳᠤ ᠨᠡᠶᠢᠴᠡᠬᠦ ᠦᠭᠡᠢ ᠭᠡᠵᠦ ᠲᠣᠳᠤᠷᠬᠠᠶᠢᠯᠠᠪᠠᠯ᠂ | ᠭᠠᠵᠠᠷ ᠰᠢᠷᠤᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠣᠨ ᠤ ᠬᠤᠭᠤᠴᠠᠭ᠎ᠠ ᠶᠢ ᠪᠢᠴᠢᠭ ᠮᠠᠲ᠋ᠧᠷᠢᠶᠠᠯ ᠤᠨ | ᠬᠢᠨᠠᠨ ᠣᠯᠭᠤᠭᠰᠠᠨ ᠴᠠᠭ ᠠᠴᠠ ᠡᠬᠢᠯᠡᠵᠦ ᠪᠣᠳᠣᠨ᠎ᠠ᠃ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠣᠨ ᠤ | ᠬᠤᠭᠤᠴᠠᠭ᠎ᠠ ᠶᠢ ᠪᠣᠳᠠᠲᠤ ᠪᠠᠶᠢᠳᠠᠯ ᠢ ᠦᠨᠳᠦᠰᠦᠯᠡᠨ ᠲᠣᠭᠲᠠᠭᠠᠵᠤ ᠪᠣᠯᠤᠨ᠎ᠠ᠂ ᠬᠤᠳᠠᠯᠳᠤᠭᠠᠨ ᠤ ᠬᠡᠷᠡᠭᠯᠡᠬᠦ ᠭᠠᠵᠠᠷ ᠢ | ᠬᠠᠮᠤᠭ ᠤᠨ ᠥᠨᠳᠥᠷ ᠲᠡᠭᠡᠨ 40 ᠵᠢᠯ ᠠᠴᠠ ᠬᠡᠲᠦᠷᠡᠭᠦᠯᠵᠦ ᠪᠣᠯᠬᠤ ᠦᠭᠡᠶ᠂ ᠪᠤᠰᠤᠳ ᠬᠡᠷᠡᠭᠯᠡᠬᠦ ᠭᠠᠵᠠᠷ ᠢ | ᠬᠠᠮᠤᠭ ᠤᠨ ᠥᠨᠳᠥᠷ ᠲᠡᠭᠡᠨ 50 ᠵᠢᠯ ᠠᠴᠠ ᠬᠡᠲᠦᠷᠡᠭᠦᠯᠵᠦ ᠪᠣᠯᠬᠤ ᠦᠭᠡᠶ᠃ | ︵ᠲᠦᠷᠪᠡ︶ ᠭᠠᠵᠠᠷ ᠰᠢᠷᠤᠢ ᠶᠢ ᠰᠢᠯᠵᠢᠬᠦᠯᠤᠨ ᠥᠭᠬᠦ ᠮᠥᠩᠭᠦ ᠶᠢ ᠲᠣᠭᠠᠴᠠᠭ᠎ᠠ ᠬᠢᠬᠦ ᠠᠷᠭ᠎ᠠ ᠶᠢ | ᠲᠣᠭᠲᠠᠭᠠᠬᠤ ᠡᠮᠦᠨᠡᠬᠢ ᠵᠤᠷᠪᠤᠰ ᠲᠤ ᠲᠣᠭᠲᠠᠭᠠᠭᠰᠠᠨ ᠭᠠᠵᠠᠷ ᠰᠢᠷᠣᠶ ᠶᠢᠨ ᠡᠷᠬᠡ ᠶᠢᠨ ᠬᠠᠷᠢᠶ᠎ᠠ ᠶᠢᠨ ᠲᠠᠯᠠᠪᠠᠶ ᠶᠢᠨ | ᠶᠣᠰᠣᠭᠠᠷ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠬᠤᠳᠠᠯᠳᠤᠬᠤ ᠣᠨ ᠤ ᠬᠤᠭᠤᠴᠠᠭ᠎ᠠ ᠠᠴᠠ ᠡᠬᠢᠯᠡᠵᠦ ᠪᠣᠳᠣᠬᠤ | ᠡᠳᠦᠷ ᠤᠨ ᠠᠳᠠᠯᠢ ᠣᠷᠣᠨ᠂ ᠠᠳᠠᠯᠢ ᠬᠡᠷᠡᠭᠴᠡᠭᠡ᠂ ᠠᠳᠠᠯᠢ ᠲᠠᠰ ᠤᠨ ᠦᠨᠳᠦᠰᠦᠨ ᠪᠠᠷᠢᠮᠵᠢᠶᠠᠲᠤ ᠭᠠᠵᠠᠷ ᠤᠨ | ᠦᠨ᠎ᠡ ᠶᠢᠨ 40% ᠪᠠᠷ ᠦᠷᠡᠵᠢᠭᠦᠯᠵᠦ ᠲᠤᠰᠢᠶᠠᠪᠠᠰᠤ ᠵᠣᠬᠢᠬᠤ ᠰᠢᠯᠵᠢᠭᠦᠯᠦᠨ ᠥᠭᠭᠦᠭᠰᠡᠨ ᠦᠨ᠎ᠡ ᠶᠢᠨ | ᠵᠣᠭᠤᠰ ᠤᠨ ᠲᠤᠭ᠎ᠠ ᠪᠠᠷ ᠲᠣᠭᠲᠠᠭᠠᠨ᠎ᠠ᠃ ᠭᠡᠷ ᠪᠠᠶᠢᠰᠢᠩ ᠤᠨ ᠥᠮᠴᠢᠯᠡᠬᠦ ᠡᠷᠬᠡ ᠶᠢ ᠣᠯᠠᠨ ᠤᠳᠠᠭ᠎ᠠ | ᠰᠢᠯᠵᠢᠭᠦᠯᠬᠦ ᠪᠠᠷ ᠳᠠᠮᠵᠢᠭᠠᠳ᠂ ᠭᠤᠶᠤᠴᠢᠯᠠᠭᠴᠢ ᠠᠴᠠ ᠣᠳᠣ ᠶᠢᠨ ᠪᠠᠶᠢᠭ᠎ᠠ ᠭᠡᠷ ᠪᠠᠶᠢᠰᠢᠩ ᠤᠨ ᠥᠮᠴᠢᠯᠡᠬᠦ | ᠡᠷᠬᠡ ᠲᠠᠢ ᠬᠥᠮᠦᠨ ᠪᠠᠶᠢᠪᠠᠯ᠂ ᠬᠤᠳᠠᠯᠳᠤᠬᠤ ᠦᠨ᠎ᠡ ᠶᠢᠨ ᠵᠣᠭᠤᠰ ᠢ ᠭᠤᠶᠤᠴᠢᠯᠠᠭᠴᠢ ᠠᠴᠠ ᠭᠡᠷ ᠪᠠᠶᠢᠰᠢᠩ ᠤᠨ | ᠥᠮᠴᠢᠯᠡᠬᠦ ᠡᠷᠬᠡ ᠶᠢ ᠳᠠᠩᠰᠠᠯᠠᠬᠤ ᠴᠠᠭ ᠬᠤᠭᠤᠴᠠᠭ᠎ᠠ ᠬᠢᠭᠡᠳ ᠭᠠᠵᠠᠷ ᠰᠢᠷᠣᠶ ᠶᠢᠨ ᠦᠯᠡᠳᠡᠭᠰᠡᠨ ᠣᠨ ᠤ | ᠬᠤᠭᠤᠴᠠᠭ᠎ᠠ ᠬᠢᠭᠡᠳ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠣᠨ ᠤ ᠬᠤᠭᠤᠴᠠᠭᠠᠨ ᠤ ᠬᠠᠷᠢᠴᠠᠯ ᠢᠶᠠᠷ | ᠣᠨ ᠤ ᠬᠤᠭᠤᠴᠠᠭᠠᠨ ᠳᠤ ᠵᠠᠰᠠᠪᠤᠷᠢ ᠣᠷᠣᠭᠤᠯᠤᠨ᠎ᠠ᠃ ᠭᠤᠶᠤᠴᠢᠯᠠᠭᠴᠢ ᠠᠴᠠ ᠭᠡᠷ ᠪᠠᠶᠢᠰᠢᠩ ᠤᠨ ᠥᠮᠴᠢᠯᠡᠬᠦ | ᠡᠷᠬᠡ ᠶᠢ ᠰᠢᠯᠵᠢᠭᠦᠯᠦᠨ ᠠᠪᠤᠭᠴᠢ ᠪᠠᠶᠢᠪᠠᠯ᠂ ᠬᠢᠮᠳᠠ ᠪᠠᠷ ᠬᠤᠳᠠᠯᠳᠤᠭᠰᠠᠨ ᠤ ᠦᠨ᠎ᠡ ᠶᠢᠨ ᠵᠣᠭᠤᠰ ᠢ ᠬᠠᠤᠯᠢ | ᠴᠠᠭᠠᠵᠠ ᠶᠢᠨ ᠬᠦᠴᠦᠨ ᠲᠠᠢ ᠪᠢᠴᠢᠭ ᠮᠠᠲ᠋ᠧᠷᠢᠶᠠᠯ ᠢᠶᠠᠷ ᠬᠢᠨᠠᠨ ᠣᠯᠭᠤᠬᠤ ᠴᠠᠭ ᠬᠤᠭᠤᠴᠠᠭ᠎ᠠ ᠨᠢ ᠭᠠᠵᠠᠷ | ᠰᠢᠷᠣᠶ ᠶᠢᠨ ᠦᠯᠡᠳᠡᠭᠰᠡᠨ ᠣᠨ ᠤ ᠬᠤᠭᠤᠴᠠᠭ᠎ᠠ ᠬᠢᠭᠡᠳ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠣᠨ ᠤ | ᠬᠤᠭᠤᠴᠠᠭᠠᠨ ᠤ ᠬᠠᠷᠢᠴᠠᠯ ᠢᠶᠠᠷ ᠣᠨ ᠤ ᠬᠤᠭᠤᠴᠠᠭᠠᠨ ᠳᠤ ᠵᠠᠰᠠᠪᠤᠷᠢ ᠣᠷᠣᠭᠤᠯᠤᠨ᠎ᠠ᠃ ᠭᠠᠵᠠᠷ ᠰᠢᠷᠣᠶ ᠶᠢᠨ | ᠬᠡᠷᠡᠭᠯᠡᠬᠦ ᠡᠷᠬᠡ ᠶᠢ ᠬᠤᠳᠠᠯᠳᠤᠬᠤ ᠣᠨ ᠤ ᠡᠬᠢᠯᠡᠯᠲᠡ ᠶᠢᠨ ᠬᠤᠭᠤᠴᠠᠭ᠎ᠠ ᠨᠢ 2000 ᠣᠨ ᠠᠴᠠ ᠡᠮᠦᠨ᠎ᠡ ᠪᠠᠶᠢᠪᠠᠯ᠂ | 2000 ᠣᠨ ᠤ ᠬᠤᠲᠠ ᠶᠢᠨ ᠵᠠᠰᠠᠭ ᠤᠨ ᠣᠷᠳᠣᠨ ᠤ ᠨᠡᠶᠢᠲᠡᠯᠡᠭᠰᠡᠨ ᠭᠤᠤᠯ ᠬᠤᠲᠠ ᠲᠣᠭᠤᠷᠢᠭ ᠤᠨ ᠰᠠᠭᠤᠷᠢ | ᠪᠠᠷᠢᠮᠵᠢᠶᠠᠲᠤ ᠭᠠᠵᠠᠷ ᠤᠨ ᠦᠨ᠎ᠡ ᠶᠢᠨ ᠪᠠᠷᠢᠮᠵᠢᠶ᠎ᠠ ᠪᠠᠷ ᠬᠡᠷᠡᠭᠵᠢᠭᠦᠯᠬᠦ ᠬᠡᠷᠡᠭᠲᠡᠶ᠃ | ᠳᠥᠷᠪᠡ᠂ ᠰᠢᠢᠳᠪᠦᠷᠢᠯᠡᠬᠦ ᠳᠡᠰ ᠳᠠᠷᠠᠭᠠᠯᠠᠯ | ︵ᠨᠢᠭᠡ︶ ᠭᠦᠢᠴᠡᠳᠭᠡᠬᠦ ᠡᠷᠬᠡ ᠮᠡᠳᠡᠯ ᠭᠠᠵᠠᠷ ᠰᠢᠷᠣᠶ ᠬᠡᠷᠡᠭᠯᠡᠬᠦ ᠡᠷᠬᠡ ᠶᠢᠨ ᠦᠨᠡᠮᠯᠡᠯ ᠪᠤᠶᠤ ᠭᠠᠵᠠᠷ | ᠰᠢᠷᠣᠶ ᠶᠢᠨ ᠬᠡᠷᠡᠭᠯᠡᠬᠦ ᠡᠷᠬᠡ ᠶᠢᠨ ᠬᠤᠪᠢᠶᠠᠷᠢᠯᠠᠨ ᠥᠭᠬᠦ ᠲᠣᠭᠲᠠᠭᠠᠯ ᠤᠨ ᠪᠢᠴᠢᠭ ᠢ ᠬᠤᠩᠱᠠᠨ ᠲᠣᠭᠤᠷᠢᠭ᠂ | ᠰᠦᠩᠱᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠠᠴᠠ ᠬᠢᠨᠠᠨ ᠣᠯᠭᠤᠭᠰᠠᠨ | ᠪᠠᠶᠢᠪᠠᠯ᠂ ᠵᠣᠬᠢᠴᠠᠩᠭᠤᠶ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠠᠴᠠ ᠭᠠᠵᠠᠷ ᠰᠢᠷᠣᠶ ᠶᠢᠨ | ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠭᠠᠷᠳᠠᠮ ᠢ ᠨᠥᠬᠦᠨ ᠭᠦᠢᠴᠡᠳᠬᠡᠨ᠎ᠡ᠃ ᠭᠠᠵᠠᠷ ᠰᠢᠷᠣᠶ ᠬᠡᠷᠡᠭᠯᠡᠬᠦ | ᠡᠷᠬᠡ ᠶᠢᠨ ᠦᠨᠡᠮᠯᠡᠯ ᠪᠤᠶᠤ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢᠨ ᠬᠤᠪᠢᠶᠠᠷᠢᠯᠠᠨ ᠥᠭᠬᠦ ᠲᠣᠭᠲᠠᠭᠠᠯ ᠤᠨ | ᠪᠢᠴᠢᠭ ᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠬᠢᠨᠠᠨ ᠣᠯᠭᠤᠭᠰᠠᠨ ᠪᠠᠶᠢᠪᠠᠯ᠂ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ | ᠥᠭᠬᠦ ᠭᠠᠷᠳᠠᠮ ᠢ ᠨᠥᠬᠦᠨ ᠭᠦᠢᠴᠡᠳᠬᠡᠬᠦ ᠬᠡᠷᠡᠭᠲᠡᠢ᠃ | ︵ᠬᠤᠶᠠᠷ︶ ᠭᠦᠢᠴᠡᠳᠭᠡᠬᠦ ᠴᠤᠪᠤᠷᠠᠯ | 1. ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠶᠢᠨ ᠬᠡᠷᠡᠭᠯᠡᠬᠦ ᠡᠷᠬᠡᠲᠦ ᠬᠥᠮᠦᠨ᠂ ᠭᠠᠵᠠᠷ ᠳᠡᠭᠡᠷᠡᠬᠢ ᠭᠡᠷ | ᠪᠠᠶᠢᠰᠢᠩ ᠤᠨ ᠥᠮᠴᠢᠯᠡᠬᠦ ᠡᠷᠬᠡᠲᠦ ᠬᠥᠮᠦᠨ ᠪᠤᠶᠤ ᠬᠠᠤᠯᠢ ᠴᠠᠭᠠᠵᠠ ᠶᠢᠨ ᠬᠦᠴᠦᠨ ᠲᠠᠢ ᠪᠢᠴᠢᠭ ᠮᠠᠲ᠋ᠧᠷᠢᠶᠠᠯ ᠢᠶᠠᠷ | ᠲᠣᠭᠲᠠᠭᠠᠭᠰᠠᠨ ᠰᠢᠯᠵᠢᠭᠦᠯᠦᠨ ᠠᠪᠤᠭᠰᠠᠨ ᠭᠡᠷ ᠪᠠᠶᠢᠰᠢᠩ ᠤᠨ ᠡᠷᠬᠡᠲᠦ ᠬᠥᠮᠦᠨ ᠦᠯᠦ ᠬᠥᠳᠡᠯᠬᠦ ᠬᠥᠷᠥᠩᠭᠡ ᠶᠢᠨ | ᠳᠠᠩᠰᠠᠯᠠᠬᠤ ᠲᠥᠪ ᠲᠤ ᠳᠠᠩᠰᠠᠯᠠᠯᠲᠠ ᠶᠢ ᠬᠤᠪᠢᠷᠠᠭᠤᠯᠬᠤ ᠭᠤᠶᠤᠴᠢᠯᠠᠯ ᠳᠤᠷᠠᠳᠤᠨ᠎ᠠ᠃ ᠥᠯᠥ ᠬᠥᠳᠡᠯᠬᠦ | ᠬᠥᠷᠥᠩᠭᠡ ᠶᠢ ᠳᠡᠩᠰᠡᠯᠡᠨ ᠲᠡᠮᠳᠡᠭᠯᠡᠬᠦ ᠲᠥᠪ ᠠᠴᠠ ᠭᠥᠯᠢᠶᠡᠨ ᠠᠪᠴᠤ ᠰᠢᠢᠳᠪᠦᠷᠢᠯᠡᠵᠦ᠂ ᠬᠡᠷ ᠪᠠᠶᠢᠰᠢᠩ ᠵᠢᠴᠢ | ᠭᠠᠵᠠᠷ ᠰᠢᠷᠣᠶ ᠶᠢᠨ ᠳᠡᠩᠰᠡᠯᠡᠯᠲᠡ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠵᠤ᠂ ᠭᠥᠯᠢᠶᠡᠨ ᠠᠪᠴᠤ | ᠰᠢᠢᠳᠪᠦᠷᠢᠯᠡᠬᠦ ᠵᠦᠢᠯᠡᠰ ᠨᠢ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠳᠡᠭᠡᠷᠡᠬᠢ ᠬᠡᠷ ᠪᠠᠶᠢᠰᠢᠩ ᠭᠠᠵᠠᠷ | ᠰᠢᠷᠣᠶ ᠶᠢᠨ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠳᠡᠩᠰᠡᠯᠡᠯᠲᠡ ᠶᠢᠨ ᠠᠰᠠᠭᠤᠳᠠᠯ ᠳᠤ | ᠬᠠᠷᠢᠶᠠᠯᠠᠭᠳᠠᠬᠤ ᠡᠰᠡᠬᠦ᠂ ᠮᠠᠭᠠᠳᠯᠠᠨ ᠲᠣᠭᠲᠠᠭᠠᠭᠰᠠᠨ ᠰᠠᠨᠠᠯ ᠭᠠᠷᠭᠠᠵᠤ᠂ ᠬᠡᠷ ᠪᠠᠶᠢᠰᠢᠩ ᠤᠨ ᠥᠮᠴᠢᠯᠡᠯ ᠤᠨ | ᠡᠷᠬᠡ ᠶᠢ ᠠᠩᠬ᠎ᠠ ᠤᠳᠠᠭ᠎ᠠ ᠰᠢᠯᠵᠢᠭᠦᠯᠦᠨ ᠳᠡᠩᠰᠡᠯᠡᠨ ᠲᠡᠮᠳᠡᠭᠯᠡᠬᠦ ᠴᠠᠭ ᠵᠢᠴᠢ ᠣᠲᠣ ᠶᠢᠨ ᠬᠡᠷ ᠪᠠᠶᠢᠰᠢᠩ ᠤᠨ | ᠥᠮᠴᠢᠯᠡᠭᠴᠢ ᠨᠢ ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠳᠡᠩᠰᠡᠯᠡᠯᠲᠡ ᠶᠢᠨ ᠴᠡᠭ ᠤᠯᠬᠤ ᠶᠢᠨ ᠬᠠᠮᠲᠤ᠂ | ᠭᠦᠢᠴᠡᠳᠬᠡᠬᠦ ᠡᠷᠬᠡ ᠮᠡᠳᠡᠯ ᠤᠨ ᠶᠣᠰᠣᠭᠠᠷ ᠬᠤᠲᠠ ︵ᠲᠣᠭᠤᠷᠢᠭ︶ ᠶᠢᠨ ᠪᠠᠶᠢᠭᠠᠯᠢ ᠶᠢᠨ ᠡᠬᠢ ᠪᠠᠶᠠᠯᠢᠭ ︵ | ᠬᠤᠪᠢᠶᠠᠷᠢ ᠲᠣᠪᠴᠢᠶ᠎ᠠ ᠳᠤ ᠮᠡᠳᠡᠭᠦᠯᠬᠦ ᠬᠡᠷᠡᠭᠲᠡᠢ᠃ ᠭᠠᠵᠠᠷ ᠰᠢᠷᠣᠶ ᠶᠢ ᠰᠠᠯᠭᠠᠬᠤ ᠳᠤ ᠬᠤᠯᠪᠣᠭᠳᠠᠭᠰᠠᠨ ᠪᠠᠶᠢᠪᠠᠯ᠂ | ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠥᠪ ᠨᠢ ᠰᠠᠯᠭᠠᠬᠤ ᠪᠠᠷ ᠲᠥᠯᠥᠪᠯᠡᠵᠦ ᠪᠠᠶᠢᠭ᠎ᠠ ᠲᠥᠰᠦᠯ ᠢ | ᠪᠦᠷᠢᠯᠳᠦᠭᠦᠯᠦᠭᠰᠡᠨ ᠪᠥᠭᠡᠳ ᠬᠠᠮᠢᠶ᠎ᠠ ᠪᠥᠬᠦᠶ ᠡᠷᠬᠡᠲᠦ ᠬᠥᠮᠦᠨ ᠢᠶᠠᠷ ᠵᠥᠪᠰᠢᠶᠡᠷᠡᠭᠦᠯᠦᠭᠰᠡᠨ ᠡᠰᠡᠬᠦ ᠶᠢ ᠬᠢᠨᠠᠨ | ᠪᠠᠶᠢᠴᠠᠭᠠᠬᠤ ᠬᠡᠷᠡᠭᠲᠡᠢ᠃ | 2. ᠬᠤᠲᠠ ︵ᠤᠷᠤᠨ︶ ᠶᠢᠨ ᠪᠠᠶᠢᠭᠠᠯᠢ ᠶᠢᠨ ᠡᠬᠢ ᠪᠠᠶᠠᠯᠢᠭ ︵ᠬᠤᠪᠢᠶᠠᠷᠢ ᠲᠣᠪᠴᠢᠶ᠎ᠠ︶ ᠤᠨ ᠲᠣᠪᠴᠢᠶ᠎ᠠ | ᠮᠠᠭᠠᠳᠯᠠᠨ ᠲᠣᠭᠲᠠᠭᠠᠭᠰᠠᠨ ᠰᠠᠨᠠᠯ ᠢ ᠣᠯᠤᠭᠰᠠᠨ ᠤ ᠳᠠᠷᠠᠭ᠎ᠠ᠂ ᠭᠠᠵᠠᠷ ᠰᠢᠷᠣᠶ ᠶᠢᠨ ᠡᠷᠬᠡ ᠶᠢᠨ ᠬᠠᠷᠢᠶ᠎ᠠ ᠶᠢᠨ | ᠪᠠᠶᠢᠳᠠᠯ᠂ ᠬᠦᠷᠢᠶ᠎ᠡ ᠬᠡᠪᠴᠢᠶ᠎ᠡ ᠶᠢ ᠬᠢᠨᠠᠨ ᠪᠠᠶᠢᠴᠠᠭᠠᠵᠤ᠂ ᠭᠠᠵᠠᠷ ᠰᠢᠷᠣᠶ ᠶᠢᠨ ᠡᠷᠬᠡ ᠶᠢᠨ ᠬᠠᠷᠢᠶ᠎ᠠ ᠶᠢᠨ ᠲᠠᠯᠠᠪᠠᠶ ᠶᠢ | ᠲᠣᠭᠠᠴᠠᠭ᠎ᠠ ᠬᠢᠵᠦ᠂ ᠭᠠᠵᠠᠷ ᠰᠢᠷᠣᠶ ᠶᠢᠨ ᠬᠠᠷᠢᠶ᠎ᠠ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠪᠢᠴᠢᠬᠦ ᠬᠡᠷᠡᠭᠲᠡᠢ᠃ | ᠭᠠᠵᠠᠷ ᠰᠢᠷᠣᠶ ᠶᠢ ᠰᠠᠯᠭᠠᠬᠤ ᠳᠤ ᠬᠤᠯᠪᠣᠭᠳᠠᠭᠰᠠᠨ ᠪᠠᠶᠢᠪᠠᠯ᠂ ᠬᠤᠪᠢᠶᠠᠷᠢᠯᠠᠬᠤ ᠪᠠᠷ ᠪᠠᠶᠢᠭ᠎ᠠ ᠲᠥᠰᠦᠯ ᠤᠨ ᠵᠦᠢ | ᠶᠣᠰᠣᠴᠢ ᠴᠢᠨᠠᠷ ᠲᠤ ᠲᠥᠯᠥᠪᠵᠢᠭᠦᠯᠭᠡ ᠶᠢ ᠬᠢᠨᠠᠨ ᠪᠠᠶᠢᠴᠠᠭᠠᠭᠰᠠᠨ ᠰᠠᠨᠠᠯ ᠭᠠᠷᠭᠠᠬᠤ ᠬᠡᠷᠡᠭᠲᠡᠶ᠃ | 3. ᠬᠤᠲᠠ ︵ᠲᠣᠭᠤᠷᠢᠭ︶ ᠶᠢᠨ ᠪᠠᠶᠢᠭᠠᠯᠢ ᠶᠢᠨ ᠡᠬᠢ ᠪᠠᠶᠠᠯᠢᠭ ︵ᠬᠤᠪᠢᠶᠠᠷᠢ ᠲᠣᠪᠴᠢᠶ᠎ᠠ︶ ᠤᠨ ᠲᠣᠪᠴᠢᠶ᠎ᠠ ᠨᠢ | ᠬᠡᠰᠡᠭ ᠭᠠᠵᠠᠷ ᠤᠨ ᠵᠥᠪᠳᠡᠯᠴᠡᠬᠡᠷ ᠢᠶᠠᠷ ᠰᠢᠯᠵᠢᠭᠦᠯᠦᠨ ᠥᠭᠬᠦ ᠲᠥᠰᠦᠯ ᠶᠣᠰᠣᠭᠠᠷ ᠠᠳᠠᠯᠢ ᠱᠠᠲᠤᠨ ᠤ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠨ᠎ᠡ᠃ ᠨᠢᠭᠡᠨᠲᠡ ᠲᠠᠷᠠᠬᠠᠶ ᠪᠠᠷ ᠳᠠᠩᠰᠠᠯᠠᠭᠤᠯᠤᠭᠰᠠᠨ ᠭᠡᠷ | ᠪᠠᠶᠢᠰᠢᠩ ᠨᠢ ᠬᠢᠮᠳᠠ ᠪᠠᠷ ᠬᠤᠳᠠᠯᠳᠤᠬᠤ ᠭᠠᠷᠳᠠᠮ ᠢ ᠨᠥᠬᠦᠵᠦ ᠭᠦᠢᠴᠡᠳᠬᠡᠬᠦ ᠪᠠᠷ ᠭᠤᠶᠤᠴᠢᠯᠠᠬᠤ ᠦᠶ᠎ᠡ ᠳᠤ᠂ | ᠪᠠᠶᠢᠭ᠎ᠠ ᠭᠠᠵᠠᠷ ᠤᠨ ᠢᠶᠠᠨ ᠬᠢᠮᠳᠠ ᠪᠠᠷ ᠬᠤᠳᠠᠯᠳᠤᠬᠤ ᠲᠥᠰᠦᠯ ᠢ ᠨᠢᠭᠡᠨᠲᠡ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠰᠡᠨ ᠪᠣᠯ ᠳᠠᠪᠬᠤᠷᠳᠠᠭᠤᠯᠤᠨ ᠮᠡᠳᠡᠭᠦᠯᠦᠨ ᠵᠥᠪᠰᠢᠶᠡᠷᠡᠭᠦᠯᠬᠦ ᠦᠭᠡᠶ᠃ | 4. ᠵᠥᠪᠳᠡᠯᠴᠡᠨ ᠬᠤᠳᠠᠯᠳᠤᠬᠤ ᠲᠥᠰᠦᠯ ᠢ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠲᠠ ︵ᠲᠣᠭᠤᠷᠢᠭ︶ ᠶᠢᠨ | ᠪᠠᠶᠢᠭᠠᠯᠢ ᠶᠢᠨ ᠡᠬᠢ ᠪᠠᠶᠠᠯᠢᠭ ︵ᠬᠤᠪᠢᠶᠠᠷᠢ ᠲᠣᠪᠴᠢᠶ᠎ᠠ︶ ᠤᠨ ᠲᠣᠪᠴᠢᠶ᠎ᠠ ᠨᠢ ᠭᠠᠵᠠᠷ ᠰᠢᠷᠣᠶ ᠬᠡᠷᠡᠭᠯᠡᠬᠦ ᠡᠷᠬᠡᠲᠦ | ᠬᠥᠮᠦᠨ ᠲᠠᠢ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠬᠦ ᠭᠡᠷ᠎ᠡ ᠲᠣᠭᠲᠠᠬᠤ ᠶᠢᠨ ᠬᠠᠮᠲᠤ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠲᠤ ᠵᠣᠭᠤᠰ ᠲᠤᠰᠢᠶᠠᠬᠤ ᠮᠡᠳᠡᠭᠡ ᠵᠠᠩᠭᠢ ᠪᠠᠨ ᠮᠡᠳᠡᠭᠦᠯᠬᠦ ᠬᠡᠷᠡᠭᠲᠡᠢ᠃ 5. ᠦᠯᠦ | ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠠᠴᠠ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠬᠦ ᠭᠡᠷ᠎ᠡ᠂ | ᠭᠠᠵᠠᠷ ᠤᠨ ᠬᠠᠷᠢᠶ᠎ᠠ ᠶᠢᠨ ᠪᠠᠶᠢᠴᠠᠭᠠᠯᠲᠠ ᠶᠢᠨ ᠮᠡᠳᠡᠭᠦᠯᠦᠯᠲᠡ᠂ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠬᠦ | ᠦᠨ᠎ᠡ ᠶᠢᠨ ᠵᠣᠭᠤᠰ ᠤᠨ ᠲᠤᠰᠢᠶᠠᠭᠰᠠᠨ ᠪᠠᠷᠢᠮᠲᠠ᠂ ᠭᠠᠶᠢᠯᠢ ᠰᠦᠢᠳᠬᠡᠯ ᠲᠤᠰᠢᠶᠠᠭᠰᠠᠨ ᠭᠡᠷᠡᠴᠢ ᠵᠡᠷᠭᠡ | ᠮᠠᠲ᠋ᠧᠷᠢᠶᠠᠯ ᠢᠶᠠᠷ ᠡᠷᠬᠡᠲᠦ ᠬᠥᠮᠦᠨ ᠬᠤᠪᠢᠷᠠᠭᠤᠯᠵᠤ ᠳᠠᠩᠰᠠᠯᠠᠭᠤᠯᠬᠤ ᠬᠡᠷᠡᠭᠲᠡᠶ᠃ | ᠲᠠᠪᠤ᠂ ᠪᠤᠰᠤᠳ ᠵᠦᠢᠯ | ︵ᠨᠢᠭᠡ︶ ᠲᠣᠰ ᠠᠷᠭ᠎ᠠ ᠶᠢᠨ ᠳᠠᠭᠤᠰᠤᠭᠠᠳᠤᠶ ᠤᠴᠢᠷ ᠶᠠᠪᠤᠳᠠᠯ ᠢ ᠡᠷᠬᠡᠪᠰᠢ ᠭᠦᠢᠴᠡᠳᠭᠡᠬᠦ ᠡᠷᠬᠡ | ᠮᠡᠳᠡᠯ ᠲᠠᠢ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠢᠶᠠᠷ ᠬᠠᠮᠲᠤ ᠪᠠᠷ ᠰᠤᠳᠤᠯᠤᠨ ᠲᠣᠭᠲᠠᠭᠠᠯᠭᠠᠬᠤ | ᠬᠡᠷᠡᠭᠲᠡᠶ᠃ | ︵ᠬᠤᠶᠠᠷ︶ ᠡᠮᠦᠨᠡᠬᠢ ᠲᠥᠷᠥ ᠶᠢᠨ ᠪᠣᠳᠣᠯᠭ᠎ᠠ ᠨᠢ ᠲᠤᠰ ᠠᠷᠭ᠎ᠠ ᠶᠢᠨ ᠠᠭᠤᠯᠭ᠎ᠠ ᠯᠤᠭ᠎ᠠ ᠨᠢᠭᠡᠳᠦᠯ ᠦᠭᠡᠶ | ᠪᠣᠯ ᠲᠤᠰ ᠠᠷᠭ᠎ᠠ ᠶᠢᠨ ᠶᠣᠰᠣᠭᠠᠷ ᠬᠡᠷᠡᠭᠵᠢᠭᠦᠯᠬᠦ ᠬᠡᠷᠡᠭᠲᠡᠶ᠃ | ︵ᠭᠤᠷᠪᠠ︶ ᠲᠥᠪ ᠬᠤᠲᠠ ᠶᠢᠨ ᠲᠣᠭᠤᠷᠢᠭ ᠤᠨ ᠬᠡᠪᠴᠢᠶᠡᠨ ᠠᠴᠠ ᠭᠠᠳᠠᠨᠠᠬᠢ ᠤᠯᠤᠰ ᠤᠨ ᠥᠮᠴᠢᠯᠡᠯᠲᠦ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠤ ᠲᠡᠤᠬᠡᠨ ᠠᠴᠠ ᠦᠯᠡᠳᠡᠭᠳᠡᠵᠦ ᠢᠷᠡᠭᠰᠡᠨ ᠣᠷᠣᠨ | ᠰᠠᠭᠤᠴᠠ ᠶᠢᠨ ᠪᠤᠰᠤ ᠬᠡᠷ ᠪᠠᠶᠢᠰᠢᠩ ᠭᠠᠵᠠᠷ ᠬᠥᠷᠥᠩᠭᠡ ᠶᠢᠨ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠶᠢ | ᠰᠢᠯᠵᠢᠭᠦᠯᠦᠨ ᠥᠭᠭᠦᠭᠰᠡᠨ ᠪᠠᠶᠢᠳᠠᠯ ᠣᠷᠣᠰᠢᠵᠤ ᠪᠠᠶᠢᠪᠠᠯ᠂ ᠲᠣᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ | ᠪᠣᠯᠤᠨ᠎ᠠ᠃ | | | |