| | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠬᠤᠯᠪᠣᠭᠳᠠᠯ ᠪᠦᠬᠦᠢ ᠨᠢᠭᠡᠴᠡ᠂ ᠡᠯ᠎ᠡ ᠠᠷᠠᠳ ᠤᠨ ᠪᠦᠯᠬᠦᠮ᠂ ᠡᠯ᠎ᠡ ᠶᠡᠭᠡ ᠳᠡᠭᠡᠳᠦ ᠰᠤᠷᠭᠠᠭᠤᠯᠢ᠂ | ᠥᠷᠭᠡᠨ ᠣᠯᠠᠨ ᠵᠠᠯᠠᠭᠤᠴᠤᠳ ᠲᠤ᠄ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠴᠢᠳᠠᠪᠤᠷᠢᠲᠠᠨ ᠢᠶᠠᠷ ᠬᠤᠳᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠯᠠᠪᠳᠠᠭᠤᠨ ᠪᠠᠲᠤᠲᠠᠢ ᠠᠬᠢᠭᠤᠯᠵᠤ | ᠂ ᠵᠠᠯᠠᠭᠤᠴᠤᠳ ᠢ ᠤᠯᠠᠭᠠᠨᠬᠠᠳᠠ ᠳᠤ ᠲᠡᠳᠡᠨ ᠠᠪᠴᠢᠷᠠᠵᠤ᠂ ︽ᠠᠮᠢᠵᠢᠷᠠᠯ ᠤᠨ ᠬᠦᠴᠦᠨᠲᠦ ᠤᠯᠠᠭᠠᠨᠬᠠᠳᠠ ᠶᠢᠨ | ᠠᠵᠢᠯᠯᠠᠭ᠎ᠠ︾ ᠶᠢᠨ ᠵᠠᠯᠭᠠᠮᠵᠢ ᠦᠢᠯᠡᠳᠦᠯ ᠢ ᠴᠢᠩᠭᠠᠳᠬᠠᠬᠤ ᠶᠢᠨ ᠲᠥᠯᠥᠭᠡ᠂ ᠤᠯᠠᠭᠠᠨᠬᠠᠳᠠ ᠬᠤᠳᠠ ᠶᠢᠨ | ᠠᠷᠠᠳ ᠤᠨ ᠵᠠᠰᠠᠭ ᠤᠨ ᠣᠷᠳᠣᠨ ︽ᠲᠦᠮᠡᠨ ᠨᠡᠷᠡᠰ ᠰᠤᠷᠤᠭᠴᠢ ᠶᠢᠨ ᠤᠯᠠᠭᠠᠨᠬᠠᠳᠠ ᠳᠠᠬᠢ ᠠᠶᠠᠯᠠᠯ︾ ᠭᠡᠬᠦ | ᠠᠵᠢᠯᠯᠠᠭ᠎ᠠ ᠶᠢ ᠡᠷᠬᠢᠯᠡᠬᠦ ᠪᠠᠷ ᠲᠣᠭᠲᠠᠪᠠ᠂ ᠡᠳᠦᠭᠡ ︽ᠤᠯᠠᠭᠠᠨᠬᠠᠳᠠ ᠬᠤᠳᠠ ᠶᠢᠨ ︽ᠲᠦᠮᠡᠨ ᠨᠡᠷᠡᠰ | ᠰᠤᠷᠤᠭᠴᠢ ᠶᠢᠨ ᠤᠯᠠᠭᠠᠨᠬᠠᠳᠠ ᠳᠠᠬᠢ ᠠᠶᠠᠯᠠᠯ︾ ᠭᠡᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠠ ᠨᠠᠷ ᠲᠤ | ᠳᠠᠷᠤᠮᠠᠯᠯᠠᠨ ᠲᠠᠷᠬᠠᠭᠠᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ | ᠬᠡᠷᠡᠭᠵᠢᠭᠦᠯᠲᠦᠭᠡᠶ᠃ | 2024 ᠣᠨ ᠤ 7 ᠰᠠᠷ᠎ᠠ ᠶᠢᠨ 12 ᠤᠨ ᠡᠳᠦᠷ | ︵ᠲᠤᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠤᠯᠠᠭᠠᠨᠬᠠᠳᠠ ᠬᠤᠲᠠ ᠶᠢᠨ ︽ᠲᠦᠮᠡᠨ ᠨᠡᠷᠡᠰ ᠰᠤᠷᠤᠭᠴᠢ ᠶᠢᠨ ᠤᠯᠠᠭᠠᠨᠬᠠᠳᠠ ᠲᠠᠬᠢ | ᠠᠶᠠᠯᠠᠯ︾ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ | | ᠮᠠᠨ ᠤ ᠬᠤᠲᠠ ᠶᠢᠨ ᠵᠠᠯᠠᠭᠤ ᠴᠢᠳᠠᠪᠤᠷᠢᠲᠠᠨ ᠤ ᠠᠯᠳᠠᠭᠳᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ | ᠂ ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠯᠠᠪᠳᠠᠭᠤᠨ ᠪᠠᠲᠤᠲᠠᠶ | ᠠᠬᠢᠭᠤᠯᠵᠤ᠂ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︿ᠤᠯᠠᠭᠠᠨᠬᠠᠳᠠ ᠬᠤᠲᠠ ᠶᠢᠨ | ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ ᠠᠷᠭ᠎ᠠ ᠬᠡᠮᠵᠢᠶ᠎ᠡ ᠨᠦᠭᠦᠳ﹀ ᠢ ᠳᠠᠷᠤᠮᠠᠯᠯᠠᠨ ᠲᠠᠷᠬᠠᠭᠠᠬᠤ | ᠲᠤᠬᠠᠶ ᠮᠡᠳᠡᠭᠳᠡᠯ︾ ︵ᠤᠯᠠᠭᠠᠨᠬᠠᠳᠠ ᠨᠠᠮ ᠲᠠᠷᠬᠠᠭᠠᠭᠰᠠᠨ ︹2020︺ 3 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ︽ᠠᠮᠢᠵᠢᠷᠠᠯ ᠤᠨ ᠬᠦᠴᠦᠨᠲᠦ ᠤᠯᠠᠭᠠᠨᠬᠠᠳᠠ︾ | ᠬᠤᠲᠠ ᠶᠢᠨ ᠨᠠᠷᠠᠲᠤ ᠲᠡᠮᠳᠡᠭ ᠢ ᠡᠭᠦᠳᠴᠦ᠂ ︽ᠲᠦᠮᠡᠨ ᠨᠡᠷᠡᠰ ᠰᠤᠷᠤᠭᠴᠢ ᠶᠢᠨ ᠤᠯᠠᠭᠠᠨᠬᠠᠳᠠ ᠳᠠᠬᠢ ᠠᠶᠠᠯᠠᠯ︾ | ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠲᠦᠯᠦᠭᠡ᠂ ᠣᠨᠴᠠᠭᠠᠶᠢᠯᠠᠨ ᠲᠣᠰ ᠲᠥᠰᠦᠯ ᠢ | ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠯᠠᠭᠤᠴᠤᠳ | ᠢᠯᠠᠩᠭᠤᠶ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠨᠠᠩ ᠲᠣᠪᠤᠶᠢᠮ᠎ᠠ | ᠪᠠᠶᠢᠷᠢᠨ ᠳᠤ ᠲᠠᠯᠪᠢᠵᠤ᠂ ᠨᠠᠩ ᠣᠯᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠢ | ᠲᠥᠪᠯᠡᠷᠡᠭᠦᠯᠦᠨ ᠤᠯᠠᠭᠠᠨᠬᠠᠳᠠ ᠳᠤ ᠦᠢᠯᠡᠴᠢᠯᠡᠬᠦ ᠪᠠᠷ ᠴᠢᠬᠤᠯᠠ ᠡᠭᠦᠷᠭᠡ ᠪᠣᠯᠭᠠᠵᠤ᠂ ︽ᠲᠦᠮᠡᠨ ᠨᠡᠷᠡᠰ | ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠤᠯᠠᠭᠠᠨᠬᠠᠳᠠ ᠳᠤ ᠢᠷᠡᠭᠦᠯᠵᠦ᠂ ᠲᠥᠷᠥ ᠶᠢᠨ ᠪᠣᠳᠣᠯᠭ᠎ᠠ ᠪᠠᠷ | ᠬᠥᠲᠥᠯᠦᠨ ᠵᠢᠯᠣᠭᠤᠳᠬᠤ᠂ ᠬᠠᠶᠢᠷ᠎ᠠ ᠰᠡᠳᠬᠢᠯᠭᠡ ᠪᠠᠷ ᠬᠥᠮᠦᠨ ᠢ ᠦᠯᠡᠳᠡᠭᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠨᠠᠩ ᠣᠯᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠢ ᠲᠡᠳᠡᠨ | ᠤᠯᠠᠭᠠᠨᠬᠠᠳᠠ ᠳᠤ ᠦᠯᠡᠳᠡᠭᠡᠵᠦ᠂ ᠤᠯᠠᠭᠠᠨᠬᠠᠳᠠ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ | ᠴᠢᠳᠠᠪᠤᠷᠢᠲᠠᠨ ᠤ ᠲᠤᠯᠭᠠᠭᠤᠷᠢᠯᠠᠯ ᠪᠠ ᠣᠶᠤᠨ ᠤ ᠳᠡᠮᠵᠢᠯᠭᠡ ᠬᠠᠩᠭᠠᠨ᠎ᠠ᠃ | ᠬᠤᠶᠠᠷ᠂ ᠬᠦᠳᠡᠯᠭᠡᠭᠡᠨ ᠤ ᠡᠳᠡᠭᠡᠳ | ︵ᠨᠢᠬᠡ︶ ᠤᠯᠠᠭᠠᠨᠬᠠᠳᠠ ᠬᠤᠳᠠ ᠶᠢᠨ ᠬᠠᠷᠢᠶᠠᠳᠤ ᠤᠷᠤᠨ ᠤ ᠭᠠᠳᠠᠨᠠᠬᠢ ᠡᠩ ᠤᠨ ᠶᠡᠭᠡ ᠳᠡᠬᠡᠳᠤ | ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ᠂ 2023 ᠤᠨ ᠪᠠ 2024 ᠤᠨ ᠤ ᠶᠡᠭᠡ ᠳᠡᠬᠡᠳᠤ | ᠰᠤᠷᠭᠠᠭᠤᠯᠢ ᠠᠴᠠ ᠳᠡᠬᠦᠰᠦᠭᠰᠡᠨ ᠰᠤᠷᠤᠭᠴᠢ ︵ᠤᠯᠠᠭᠠᠨᠬᠠᠳᠠ ᠶᠢᠨ ᠰᠤᠷᠤᠭᠴᠢ ᠶᠢᠨ ᠢᠷᠡᠯᠳᠡ ᠶᠢ ᠪᠠᠭᠳᠠᠭᠠᠨ᠎ᠠ︶᠃ | | ︵ᠬᠤᠶᠠᠷ︶ ᠳᠤᠷᠠᠲᠠᠶ᠎ᠠ ᠤᠯᠠᠭᠠᠨᠬᠠᠳᠠ ᠳᠤ ᠢᠷᠡᠵᠦ ᠠᠵᠢᠯ ᠣᠯᠵᠤ ᠦᠢᠯᠡᠰ ᠪᠤᠰᠬᠠᠬᠤ 16 - 24 | ᠨᠠᠰᠤᠨ ᠤ ᠵᠠᠯᠠᠭᠤᠴᠤᠳ ᠤᠨ ᠬᠠᠮᠲᠤᠯᠢᠭ᠃ | ︵ᠭᠤᠷᠪᠠ︶ 35 ᠨᠠᠰᠤᠨ ᠠᠴᠠ ᠳᠣᠷᠣᠭᠰᠢᠬᠢ ᠵᠠᠯᠠᠭᠤ ᠬᠦᠩ ᠢᠶᠠᠷ ᠭᠤᠣᠯ ᠴᠣᠭᠴᠠ ᠪᠣᠯᠭᠠᠭᠰᠠᠨ | ᠦᠢᠯᠡᠰ ᠪᠣᠰᠬᠠᠬᠤ ᠪᠦᠯᠬᠦᠮ ᠨᠡᠶᠢᠲᠡ᠂ ᠨᠡᠶᠢᠭᠡᠮ ᠤᠨ ᠪᠦᠯᠬᠦᠮ᠃ | ᠭᠤᠷᠪᠠ᠂ ᠠᠵᠢᠯᠯᠠᠭᠠᠨ ᠤ ᠴᠠᠭ | 2024 ᠣᠨ ᠤ 7 ᠰᠠᠷ᠎ᠠ ᠠᠴᠠ 12 ᠰᠠᠷ᠎ᠠ ᠪᠣᠯᠲᠠᠯ᠎ᠠ᠂ ᠵᠣᠨ ᠤ ᠠᠮᠠᠷᠠᠯᠲᠠ ᠪᠠᠷ ᠭᠤᠤᠯᠳᠠᠯᠭ᠎ᠠ ᠪᠣᠯᠭᠠᠵᠤ | ᠂ ᠵᠣᠯᠭᠠᠭᠤᠯᠤᠨ ᠵᠣᠬᠢᠶᠠᠨ ᠪᠠᠶᠢᠭᠤᠯᠵᠤ᠂ ᠠᠭᠤᠰᠤᠯᠴᠠᠭᠤᠯᠤᠨ ᠠᠬᠢᠭᠤᠯᠤᠨ᠎ᠠ᠃ | ᠳᠥᠷᠪᠡ᠂ ᠠᠵᠢᠯᠯᠠᠭ᠎ᠠ ᠶᠢᠨ ᠠᠭᠤᠯᠭ᠎ᠠ | ︵ᠨᠢᠭᠡ︶ ᠦᠢᠯᠡᠰ ᠪᠦᠲᠦᠭᠡᠬᠦ ᠠᠵᠢᠯᠯᠠᠭ᠎ᠠ ᠪᠠᠷ ᠨᠢᠭᠡ ᠪᠦᠯᠦᠭ ᠢ ᠳᠠᠶᠢᠴᠢᠯᠠᠨ᠎ᠠ᠃ ︽ᠠᠮᠢᠵᠢᠷᠠᠯ ᠤᠨ | ᠬᠦᠴᠦᠨᠲᠦ ᠤᠯᠠᠭᠠᠨᠬᠠᠳᠠ︾ ᠠᠳᠠᠯ ᠦᠢᠯᠡᠰ ᠴᠣᠭᠴᠠᠯᠠᠬᠤ ᠪᠦᠲᠦᠭᠡᠯᠴᠢ ᠲᠦᠰᠦᠪᠯᠡᠯ ᠤᠨ ᠠᠵᠢᠯᠯᠠᠭᠠᠨ ᠢ | ᠡᠬᠢᠯᠡᠭᠦᠯᠵᠦ᠂ ᠪᠦᠬᠦ ᠤᠯᠤᠰ ᠤᠨ ᠳᠡᠭᠡᠳᠦ ᠰᠤᠷᠭᠠᠭᠤᠯᠢ ᠳᠤ ᠬᠠᠨᠳᠤᠭᠤᠯᠤᠭᠰᠠᠨ ᠠᠵᠢᠯᠯᠠᠭᠠᠨ ᠤ ᠮᠡᠳᠡᠭᠡ ᠵᠠᠩᠭᠢ | ᠨᠡᠶᠢᠲᠡᠯᠡᠵᠦ᠂ ᠪᠦᠬᠦ ᠤᠯᠤᠰ ᠤᠨ ᠡᠯ᠎ᠡ ᠭᠠᠵᠠᠷ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠤᠨ | ᠤᠯᠠᠭᠠᠨᠬᠠᠳᠠ ᠳᠤ ᠢᠷᠡᠵᠦ ᠤᠷᠤᠯᠳᠤᠭᠠᠨ ᠳᠤ ᠣᠷᠣᠯᠴᠠᠬᠤ ᠶᠢ ᠲᠠᠲᠠᠨ᠎ᠠ᠃ ᠤᠷᠤᠯᠳᠤᠭᠠᠨ ᠤ ᠬᠤᠭᠤᠴᠠᠭᠠᠨ ᠳᠤ᠂ | ᠤᠷᠤᠯᠳᠤᠭᠠᠨ ᠳᠤ ᠣᠷᠣᠯᠴᠠᠭᠰᠠᠳ ᠢ ᠵᠣᠬᠢᠶᠠᠨ ᠪᠠᠶᠢᠭᠤᠯᠵᠤ ᠮᠠᠨ ᠤ ᠬᠤᠲᠠ ᠶᠢᠨ ᠭᠤᠤᠯᠳᠠᠯᠭ᠎ᠠ ᠲᠠᠢ ᠬᠦᠷᠢᠶᠡᠯᠡᠩ | ᠲᠣᠭᠤᠷᠢᠭ᠂ ᠲᠣᠮᠣ ᠬᠡᠯᠪᠡᠷᠢ ᠶᠢᠨ ᠠᠵᠤ ᠠᠬᠤᠶᠢᠯᠠᠯ ᠳᠤ ᠬᠦᠷᠴᠦ ᠲᠣᠭᠤᠷᠢᠨ ᠦᠵᠡᠭᠦᠯᠵᠦ ᠰᠢᠨᠵᠢᠯᠡᠨ ᠪᠠᠶᠢᠴᠠᠭᠠᠪᠠ | ᠃ ᠤᠷᠤᠯᠳᠤᠭᠠᠨ ᠤ ᠳᠠᠷᠠᠭᠠᠬᠢ ᠮᠥᠷᠳᠡᠨ ᠦᠢᠯᠡᠴᠢᠯᠡᠬᠦ ᠶᠢ ᠴᠢᠩᠭᠠᠳᠬᠠᠵᠤ᠂ ᠨᠠᠶᠢᠳᠠᠪᠤᠷᠢᠵᠢᠭᠤᠯᠵᠤ ᠪᠣᠯᠬᠤ ᠠᠳᠠᠯ | ᠦᠢᠯᠡᠰ ᠴᠣᠭᠴᠠᠯᠠᠬᠤ ᠲᠥᠷᠥᠯ ᠵᠦᠢᠯ ᠳᠤ ᠭᠤᠤᠯᠳᠠᠯᠭ᠎ᠠ ᠲᠠᠢ ᠮᠥᠷᠳᠡᠯᠲᠡ ᠬᠢᠵᠦ᠂ ᠶᠡᠬᠡᠪᠡᠷ ᠲᠡᠳᠬᠦᠨ ᠳᠡᠮᠵᠢᠵᠦ᠂ | ︽ᠤᠷᠤᠯᠳᠤᠭᠠᠨ ᠢᠶᠠᠷ ᠰᠢᠨ᠎ᠡ ᠶᠢ ᠡᠭᠦᠳᠬᠦ ᠶᠢ ᠠᠬᠢᠭᠤᠯᠵᠤ᠂ ᠤᠷᠤᠯᠳᠤᠭᠠᠨ ᠢᠶᠠᠷ ᠴᠢᠳᠠᠪᠤᠷᠢᠲᠠᠨ ᠢ ᠲᠠᠲᠠᠬᠤ︾ ᠶᠢ | ᠪᠡᠶᠡᠯᠡᠭᠦᠯᠦᠨ᠎ᠡ᠃ ᠬᠤᠲᠠ ᠶᠢᠨ ᠭᠠᠳᠠᠨᠠᠬᠢ ᠶᠡᠭᠡ ᠳᠡᠭᠡᠳᠦ ᠰᠤᠷᠭᠠᠭᠤᠯᠢ ᠳᠤ ᠤᠷᠢᠯᠭ᠎ᠠ ᠶᠢᠨ ᠵᠠᠬᠢᠳᠠᠯ ᠶᠠᠪᠤᠭᠤᠯᠵᠤ᠂ | ᠣᠶᠤᠲᠠᠨ ᠪᠠ ᠵᠠᠯᠠᠭᠤᠴᠤᠳ ᠤᠨ ᠦᠢᠯᠡᠰ ᠴᠣᠭᠴᠠᠯᠠᠬᠤ ᠪᠦᠯᠬᠦᠮ ᠢ ᠤᠷᠢᠵᠤ ᠲᠥᠷᠥᠯ ᠵᠦᠢᠯ ᠤᠨ ᠲᠣᠭᠯᠠᠯᠲᠠ᠂ | ᠦᠢᠯᠡᠰ ᠴᠣᠭᠴᠠᠯᠠᠬᠤ ᠬᠢᠴᠢᠶᠡᠯ ᠤᠨ ᠲᠠᠩᠬᠢᠮ᠂ ᠦᠢᠯᠡᠰ ᠴᠣᠭᠴᠠᠯᠠᠬᠤ ᠪᠣᠯᠤᠩ ᠵᠡᠷᠭᠡ ᠪᠤᠰᠤᠳ ᠦᠢᠯᠡᠰ | ᠴᠣᠭᠴᠠᠯᠠᠬᠤ ᠠᠵᠢᠯᠯᠠᠭ᠎ᠠ ᠳᠤ ᠣᠷᠣᠯᠴᠠᠭᠤᠯᠪᠠ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠲᠠ ᠶᠢᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠰᠠᠯᠠᠭ᠎ᠠ | ᠮᠥᠴᠢᠷ᠄ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠡᠪᠯᠡᠯ ᠤᠨ ᠬᠤᠷᠢᠶ᠎ᠠ ᠵᠡᠷᠭᠡ ᠬᠠᠮᠢᠶ᠎ᠠ ᠪᠥᠬᠦᠶ ᠨᠢᠭᠡᠴᠡ︶ | ︵ᠬᠤᠶᠠᠷ︶ ᠨᠡᠶᠢᠭᠡᠮ ᠤᠨ ᠦᠢᠯᠡᠳᠦᠯᠭᠡ ᠪᠠᠷ ᠨᠢᠭᠡ ᠪᠦᠯᠦᠭ ᠢ ᠰᠢᠩᠭᠡᠭᠡᠨ ᠠᠪᠤᠨ᠎ᠠ᠃ ᠵᠣᠨ ᠤ | ᠠᠮᠠᠷᠠᠯᠲᠠ ᠶᠢᠨ ᠬᠤᠭᠤᠴᠠᠭᠠᠨ ᠤ ᠤᠶᠤᠲᠠᠳ ᠤᠨ ᠨᠤᠲᠤᠭ ᠲᠠᠭᠠᠨ ᠪᠤᠴᠠᠬᠤ ᠠᠵᠠ ᠲᠣᠬᠢᠶᠠᠯ ᠢ ᠠᠰᠢᠭᠯᠠᠨ᠂ | ᠬᠤᠲᠠ ᠶᠢᠨ ᠲᠣᠰ ᠱᠠᠲᠤ 12 ᠬᠤᠰᠢᠭᠤ ᠰᠢᠶᠠᠨ ᠲᠣᠭᠤᠷᠢᠭ ᠲᠠᠢ ᠬᠠᠮᠲᠤᠷᠠᠨ ︽ᠨᠤᠲᠤᠭ ᠲᠠᠭᠠᠨ ᠪᠤᠴᠠᠭᠰᠠᠨ | ᠤᠶᠤᠲᠠᠳ ᠢ ᠠᠵᠤ ᠠᠬᠤᠶᠢᠯᠠᠯ ᠳᠤ ᠣᠷᠣᠭᠤᠯᠬᠤ︾ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠵᠡᠷᠭᠡᠪᠡᠷ | ᠵᠣᠬᠢᠶᠠᠨ ᠪᠠᠶᠢᠭᠤᠯᠵᠤ᠂ ᠲᠤᠬᠠᠶ ᠶᠢᠨ ᠭᠠᠵᠠᠷ ᠤᠨ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠠᠵᠤ | ᠠᠬᠤᠶᠢᠯᠠᠯ ᠳᠤ ᠭᠦᠨᠵᠡᠭᠡᠶᠢᠷᠡᠨ ᠲᠤᠬᠠᠶ ᠶᠢᠨ ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ | ᠪᠠ ᠠᠵᠤ ᠠᠬᠤᠶᠢᠯᠠᠯ ᠤᠨ ᠦᠨᠳᠦᠰᠦᠨ ᠪᠠᠶᠢᠳᠠᠯ ᠢ ᠣᠶᠢᠯᠠᠭᠠᠵᠤ᠂ ᠨᠥᠬᠦᠴᠡᠯ ᠲᠠᠢ ᠠᠵᠤ ᠠᠬᠤᠶᠢᠯᠠᠯ ᠨᠢ | ᠤᠶᠤᠲᠠᠳ ᠲᠤ ᠵᠣᠨ ᠤ ᠠᠮᠠᠷᠠᠯᠲᠠ ᠶᠢᠨ ᠬᠤᠭᠤᠴᠠᠭᠠᠨ ᠳᠤ ᠳᠠᠳᠤᠯᠭ᠎ᠠ ᠬᠢᠵᠦ ᠦᠢᠯᠡᠳᠦᠯᠭᠡᠵᠢᠭᠦᠯᠬᠦ ᠠᠵᠠ ᠲᠣᠬᠢᠶᠠᠯ | ᠬᠠᠩᠭᠠᠬᠤ ᠶᠢᠨ ᠬᠠᠮᠲᠤ ᠬᠥᠮᠦᠨ ᠤ ᠪᠡᠶ᠎ᠡ ᠶᠢᠨ ᠰᠠᠨᠠᠭᠠᠨ ᠳᠤ ᠥᠬᠡᠶ ᠳᠠᠭᠠᠳᠬᠠᠯ ᠬᠤᠳᠠᠯᠳᠤᠨ ᠠᠪᠴᠤ ᠪᠣᠯᠤᠨ᠎ᠠ᠃ | ᠠᠵᠤ ᠠᠬᠤᠶᠢᠯᠠᠯ ᠤᠨ ᠦᠢᠯᠡᠳᠦᠯᠭᠡ ᠶᠢᠨ ᠬᠤᠭᠤᠴᠠᠭᠠᠨ ᠳᠠᠬᠢ ᠢᠯᠡᠷᠡᠯ ᠢᠶᠠᠷ ᠨᠡᠯᠢᠶᠡᠳ ᠰᠠᠶᠢᠨ ᠮᠥᠷᠲᠡᠭᠡᠨ | ᠤᠯᠠᠭᠠᠨᠬᠠᠳᠠ ᠳᠤ ᠢᠷᠡᠵᠦ ᠠᠵᠢᠯ ᠣᠯᠵᠤ ᠠᠳᠠᠯ ᠦᠢᠯᠡᠰ ᠴᠣᠭᠴᠠᠯᠠᠬᠤ ᠰᠠᠨᠠᠮᠵᠢ ᠲᠠᠢ ᠪᠠᠶᠢᠪᠠᠯ᠂ ᠲᠡᠭᠦᠰᠦᠭᠰᠡᠨ ᠤ | ᠳᠠᠷᠠᠭ᠎ᠠ ᠠᠵᠤ ᠠᠬᠤᠶᠢᠯᠠᠯ ᠳᠤ ᠣᠷᠣᠭᠤᠯᠬᠤ ᠠᠵᠢᠯ ᠢ ᠵᠣᠬᠢᠴᠠᠭᠤᠯᠵᠤ᠂ ᠬᠠᠮᠢᠶ᠎ᠠ ᠪᠥᠬᠦᠶ ᠴᠢᠳᠠᠪᠤᠷᠢᠲᠠᠨ ᠤ | ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠤᠨ᠎ᠠ᠂ ᠠᠵᠤ ᠠᠬᠤᠶᠢᠯᠠᠯ ᠤᠨ ᠪᠠᠴᠢᠮ ᠬᠡᠷᠡᠭᠴᠡᠭᠡ ᠲᠠᠢ ᠳᠤᠲᠠᠭᠳᠠᠵᠤ | ᠪᠠᠶᠢᠭ᠎ᠠ ᠴᠢᠳᠠᠪᠤᠷᠢᠲᠠᠨ ᠢ ᠠᠵᠤ ᠠᠬᠤᠶᠢᠯᠠᠯ ᠤᠨ ᠰᠤᠷᠭᠠᠭᠤᠯᠢ ᠶᠢᠨ ᠬᠦᠷᠢᠶᠡᠨ ᠤ ᠲᠤᠰᠬᠠᠶ ᠡᠯᠰᠡᠬᠦ᠂ ︽ᠠᠵᠢᠯ | ᠦᠢᠯᠡᠰ ᠤᠨ ᠣᠷᠣᠨ ᠲᠤᠭ᠎ᠠ ᠶᠢᠨ ᠠᠵᠤ ᠠᠬᠤᠶᠢᠯᠠᠯ ᠬᠡᠷᠡᠭᠯᠡᠬᠦ︾ ᠵᠡᠷᠭᠡ ᠬᠡᠯᠪᠡᠷᠢ ᠪᠠᠷ ᠳᠠᠮᠵᠢᠭᠤᠯᠤᠨ | ᠭᠤᠤᠯᠳᠠᠯᠭ᠎ᠠ ᠲᠠᠢ ᠣᠷᠣᠭᠤᠯᠤᠨ ᠠᠪᠴᠢᠷᠠᠬᠤ ᠶᠢ ᠳᠡᠮᠵᠢᠨ᠎ᠡ᠃ ᠡᠯ᠎ᠡ ᠵᠡᠭᠡᠯᠢ ᠭᠤᠳᠤᠮᠵᠢ᠂ ᠨᠡᠶᠢᠭᠡᠮ | ᠲᠣᠭᠤᠷᠢᠭ ᠠᠴᠠ ᠣᠶᠤᠲᠠᠨ ᠰᠠᠶᠢᠨ ᠳᠤᠷᠠᠴᠤᠳ ᠢ ᠡᠯᠰᠡᠵᠦ᠂ ᠨᠡᠶᠢᠭᠡᠮ ᠲᠣᠭᠤᠷᠢᠭ ᠤᠨ ᠦᠢᠯᠡᠴᠢᠯᠡᠭᠡ ᠪᠠ | ᠦᠨᠳᠦᠰᠦᠨ ᠱᠠᠲᠤᠨ ᠤ ᠵᠠᠰᠠᠯᠲᠠ ᠶᠢᠨ ᠡᠳᠦᠷ ᠲᠤᠲᠤᠮ ᠤᠨ ᠠᠵᠢᠯ ᠳᠤ ᠣᠷᠣᠯᠴᠠᠭᠤᠯᠤᠨ᠎ᠠ᠃ ᠤᠶᠤᠲᠠᠳ ᠢ | ᠵᠣᠬᠢᠶᠠᠨ ᠪᠠᠶᠢᠭᠤᠯᠤᠨ ᠰᠠᠨᠠᠭᠠᠴᠢᠯᠠᠭ᠎ᠠ ᠠᠴᠠ ᠪᠠᠨ ᠬᠥᠳᠡᠭᠡ ᠲᠣᠰᠬᠤᠨ ᠳᠤ ᠣᠴᠢᠭᠤᠯᠤᠨ ᠨᠡᠷ᠎ᠡ ᠮᠡᠳᠡᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠳᠦᠯᠭᠡ ᠳᠤ ᠣᠷᠣᠯᠴᠠᠭᠤᠯᠵᠤ᠂ ᠠᠵᠢᠯ ᠤᠨ | ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠬᠥᠮᠦᠨ ᠤ ᠬᠦᠴᠦᠨ ᠤ | ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ︔ ᠬᠠᠮᠵᠢᠯᠴᠠᠬᠤ ᠰᠠᠯᠠᠭ᠎ᠠ ᠮᠥᠴᠢᠷ᠄ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︶᠃ | ︵ᠭᠤᠷᠪᠠ︶ ︽ᠳᠠᠷᠪᠠᠭᠤᠯ ᠬᠡᠶᠢᠰᠭᠡᠬᠦ ᠲᠥᠯᠥᠪᠯᠡᠭᠡ︾ ᠪᠠᠷ ᠨᠢᠭᠡ ᠪᠦᠯᠦᠭ ᠢ ᠵᠣᠬᠢᠶᠠᠨ ᠪᠠᠢᠭᠤᠯᠤᠨ᠎ᠠ᠃ | ᠡᠪᠯᠡᠯ ᠤᠨ ᠬᠤᠲᠠ ᠶᠢᠨ ᠬᠤᠷᠢᠶ᠎ᠠ ᠠᠴᠠ ᠪᠦᠬᠦ ᠬᠤᠲᠠ ᠶᠢᠨ ᠡᠯ᠎ᠡ ᠱᠠᠲᠤᠨ ᠤ ᠪᠠᠶᠢᠭᠤᠯᠭ᠎ᠠ ᠠᠵᠢᠯ | ᠦᠢᠯᠡᠰ ᠤᠨ ᠨᠢᠭᠡᠴᠡ ᠶᠢ ᠵᠣᠬᠢᠶᠠᠨ ᠪᠠᠶᠢᠭᠤᠯᠤᠨ ᠤᠶᠤᠲᠠᠳ ᠤᠨ ᠵᠣᠨ ᠤ ᠠᠮᠠᠷᠠᠯᠲᠠ ᠶᠢᠨ ᠬᠤᠭᠤᠴᠠᠭᠠᠨ ᠳᠤ | ᠳᠠᠳᠤᠯᠭ᠎ᠠ ᠬᠢᠬᠦ ᠠᠵᠢᠯ ᠤᠨ ᠪᠠᠶᠢᠷᠢ ᠶᠢ ᠮᠡᠳᠡᠭᠦᠯᠬᠦ ᠶᠢᠨ ᠬᠠᠮᠲᠤ ᠵᠣᠨ ᠤ ᠠᠮᠠᠷᠠᠯᠲᠠ ᠶᠢᠨ ᠬᠤᠭᠤᠴᠠᠭᠠᠨ ᠳᠤ | ᠨᠤᠲᠤᠭ ᠲᠠᠭᠠᠨ ᠪᠤᠴᠠᠭᠰᠠᠨ ᠤᠶᠤᠲᠠᠳ ᠢ ᠵᠣᠬᠢᠶᠠᠨ ᠪᠠᠶᠢᠭᠤᠯᠤᠨ ᠳᠠᠳᠤᠯᠭ᠎ᠠ ᠬᠢᠵᠦ ᠦᠢᠯᠡᠳᠦᠯᠭᠡᠵᠢᠭᠦᠯᠬᠦ | ᠠᠵᠢᠯᠯᠠᠭ᠎ᠠ ᠳᠤ ᠣᠷᠣᠯᠴᠠᠭᠤᠯᠵᠤ᠂ ᠳᠠᠳᠤᠯᠭ᠎ᠠ ᠬᠢᠵᠦ ᠪᠠᠶᠢᠭ᠎ᠠ ᠬᠤᠭᠤᠴᠠᠭᠠᠨ ᠳᠤ ᠬᠥᠮᠦᠨ ᠬᠡᠷᠡᠭᠯᠡᠬᠦ ᠨᠢᠭᠡᠴᠢ ᠠᠴᠠ | ᠬᠥᠮᠦᠨ ᠤ ᠪᠡᠶ᠎ᠡ ᠶᠢᠨ ᠰᠠᠨᠠᠭᠠᠨ ᠳᠤ ᠦᠭᠡᠶ ᠠᠶᠤᠯ ᠲᠦᠭᠰᠢᠭᠦᠷᠢ ᠶᠢ ᠲᠤᠰᠢᠶᠠᠬᠤ ᠶᠢᠨ ᠬᠠᠮᠲᠤ ᠳᠠᠳᠤᠯᠭ᠎ᠠ ᠬᠢᠵᠦ | ᠳᠠᠭᠤᠰᠤᠭᠰᠠᠨ ᠤ ᠳᠠᠷᠠᠭ᠎ᠠ ︽ᠵᠣᠨ ᠤ ᠠᠮᠠᠷᠠᠯᠲᠠ ᠶᠢᠨ ᠬᠤᠭᠤᠴᠠᠭᠠᠨ ᠳᠤ ᠳᠠᠳᠤᠯᠭ᠎ᠠ ᠬᠢᠵᠦ ᠦᠢᠯᠡᠳᠦᠯᠭᠡᠵᠢᠭᠦᠯᠦᠨ | ᠭᠡᠷᠡᠴᠢᠯᠡᠬᠦ︾ ᠬᠡᠷᠡᠭᠲᠡᠶ᠃ ᠳᠠᠳᠤᠯᠭ᠎ᠠ ᠬᠢᠬᠦ ᠬᠤᠭᠤᠴᠠᠭᠠᠨ ᠳᠤ ᠣᠨᠴᠠ ᠰᠢᠯᠢᠳᠡᠭ ᠢᠯᠡᠷᠡᠯ ᠲᠠᠢ ᠪᠠᠶᠢᠪᠠᠯ᠂ | ᠭᠤᠤᠯᠳᠠᠯᠭ᠎ᠠ ᠲᠠᠢ ᠣᠷᠣᠭᠤᠯᠤᠨ ᠠᠪᠴᠢᠷᠠᠬᠤ ᠡᠲᠡᠭᠡᠳ ᠪᠣᠯᠭᠠᠵᠤ᠂ ᠦᠷᠭᠦᠯᠵᠢᠯᠡᠨ ᠮᠥᠷᠳᠡᠨ ᠠᠩᠬᠠᠷᠴᠤ ᠪᠣᠯᠤᠨ᠎ᠠ᠃ | ︵ᠲᠦᠷᠦᠭᠦᠯᠡᠨ ᠬᠢᠬᠦ ᠰᠠᠯᠠᠭ᠎ᠠ ᠮᠥᠴᠢᠷ᠄ ᠡᠪᠯᠡᠯ ᠤᠨ ᠬᠤᠷᠢᠶ᠎ᠠ︶ | ︵ᠲᠦᠷᠪᠡ︶ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠪᠠᠷ ᠨᠢᠭᠡ ᠪᠦᠯᠦᠭ ᠢ ᠰᠣᠯᠢᠯᠴᠠᠨ᠎ᠠ᠃ | ᠮᠠᠨ ᠤ ᠬᠤᠲᠠ ᠶᠢᠨ ᠳᠥᠷᠪᠡᠨ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ | ᠠᠰᠢᠭᠯᠠᠨ᠂ ᠣᠷᠣᠨ ᠤ ᠳᠣᠲᠣᠷ᠎ᠠ ᠭᠠᠳᠠᠨᠠᠬᠢ ᠭᠤᠤᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠲᠠᠢ ᠵᠣᠯᠭᠠᠭᠤᠯᠵᠤ᠂ | ᠲᠤᠰᠬᠠᠶ ᠮᠡᠷᠭᠡᠵᠢᠯᠲᠡᠨ ᠤ ᠵᠢᠯᠣᠭᠤᠳᠣᠭᠴᠢ ᠪᠠᠭᠰᠢ ᠶᠢᠨ ᠰᠣᠯᠢᠯᠴᠠᠭ᠎ᠠ ᠬᠢᠵᠦ ᠬᠠᠷᠢᠯᠴᠠᠨ ᠰᠤᠷᠪᠤᠯᠵᠢᠯᠠᠬᠤ ᠶᠢ | ᠵᠣᠬᠢᠶᠠᠨ ᠪᠠᠶᠢᠭᠤᠯᠵᠤ᠂ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ᠂ ᠨᠠᠷᠠᠲᠤ ᠪᠠᠭᠰᠢ ᠶᠢᠨ ᠲᠠᠶᠢᠯᠤᠮᠵᠢ ᠬᠢᠬᠦ | ᠵᠡᠷᠭᠡ ᠠᠵᠢᠯᠯᠠᠭ᠎ᠠ ᠶᠢ ᠥᠷᠨᠢᠭᠦᠯᠵᠦ᠂ ᠬᠤᠲᠠ ᠶᠢᠨ ᠭᠠᠳᠠᠨᠠᠬᠢ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠢ | ᠳᠠᠶᠢᠴᠢᠯᠠᠨ ᠤᠯᠠᠭᠠᠨᠬᠠᠳᠠ ᠳᠤ ᠢᠷᠡᠭᠦᠯᠵᠦ ᠰᠤᠳᠤᠯᠤᠨ ᠰᠤᠷᠤᠯᠴᠠᠭᠤᠯᠤᠨ᠎ᠠ᠃ ᠮᠤᠵᠢ ᠶᠢᠨ ᠳᠣᠲᠣᠷ᠎ᠠ ᠭᠠᠳᠠᠨᠠᠬᠢ | ᠡᠯ᠎ᠡ ᠳᠡᠭᠡᠳᠦ ᠰᠤᠷᠭᠠᠭᠤᠯᠢ ᠲᠠᠢ ᠬᠠᠷᠢᠯᠴᠠᠵᠤ᠂ ᠰᠤᠷᠭᠠᠭᠤᠯᠢ ᠳᠤ ᠪᠠᠶᠢᠭ᠎ᠠ ᠤᠶᠤᠲᠠᠳ ᠤᠨ ᠮᠠᠨ ᠤ ᠬᠤᠲᠠ ᠶᠢᠨ | ᠠᠵᠤ ᠦᠢᠯᠡᠰ ᠤᠨ ᠬᠦᠷᠢᠶᠡᠯᠡᠩ ᠲᠣᠭᠤᠷᠢᠭ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢᠨ | ᠭᠠᠵᠠᠷ᠂ ᠣᠨᠴᠠᠯᠢᠭᠲᠤ ᠰᠣᠶᠣᠯ ᠤᠨ ᠦᠵᠡᠮᠵᠢ ᠶᠢᠨ ᠣᠷᠣᠨ ᠳᠤ ᠭᠦᠨᠵᠡᠭᠡᠶᠢᠷᠡᠨ ᠭᠤᠤᠯ ᠰᠡᠳᠦᠪᠲᠦ ᠰᠤᠳᠤᠯᠤᠨ | ᠰᠤᠷᠤᠯᠴᠠᠬᠤ ᠠᠵᠢᠯᠯᠠᠭ᠎ᠠ ᠥᠷᠨᠢᠭᠦᠯᠵᠦ᠂ ᠤᠶᠤᠲᠠᠳ ᠤᠨ ᠤᠯᠠᠭᠠᠨᠬᠠᠳᠠ ᠶᠢᠨ ᠠᠵᠤ ᠠᠬᠤᠢ ᠶᠢᠨ ᠣᠳᠣᠬᠢ ᠪᠠᠶᠢᠳᠠᠯ | ᠂ ᠲᠡᠤᠬᠡ ᠰᠣᠶᠣᠯ᠂ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠵᠡᠷᠭᠡ ᠶᠢ ᠣᠶᠢᠯᠠᠭᠠᠬᠤ ᠶᠢ ᠠᠬᠢᠭᠤᠯᠵᠤ᠂ ︽ | ᠤᠯᠠᠭᠠᠨᠬᠠᠳᠠ ᠳᠤ ᠢᠷᠡᠵᠦ ᠤᠯᠠᠭᠠᠨᠬᠠᠳᠠ ᠳᠤ ᠪᠠᠨ ᠪᠤᠴᠠᠬᠤ︾ ᠶᠢ ᠤᠶᠤᠲᠠᠳ ᠤᠨ ᠰᠡᠳᠬᠢᠯ ᠳᠤ | ᠦᠨᠳᠦᠰᠦᠯᠡᠭᠦᠯᠦᠨ᠎ᠡ᠃ ᠤᠯᠠᠭᠠᠨᠬᠠᠳᠠ ᠨᠤᠲᠤᠭ ᠲᠠᠢ ᠠᠺᠠᠳᠧᠮᠢᠴᠢ ᠶᠢᠨ ᠡᠬᠢ ᠪᠠᠶᠠᠯᠢᠭ ᠲᠤ ᠲᠦᠰᠢᠭᠯᠡᠨ᠂ | ᠠᠺᠠᠳᠧᠮᠢᠴᠢ ᠶᠢᠨ ᠠᠵᠢᠯᠯᠠᠬᠤ ᠥᠷᠲᠡᠭᠡ᠂ ᠠᠬᠠᠯᠠᠭᠴᠢ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯ ᠤᠨ ᠥᠷᠲᠡᠭᠡ ᠵᠡᠷᠭᠡ ᠲᠠᠪᠴᠠᠩ ᠢ ᠪᠠᠶᠢᠭᠤᠯᠵᠤ᠂ ᠣᠷᠣᠨ ᠤ ᠳᠣᠲᠣᠨ᠎ᠠ ᠭᠠᠳᠠᠨᠠᠬᠢ ᠶᠡᠭᠡ ᠳᠡᠭᠡᠳᠦ | ᠰᠤᠷᠭᠠᠭᠤᠯᠢ ᠲᠠᠢ ᠴᠢᠳᠠᠪᠤᠷᠢᠲᠠᠨ ᠬᠠᠮᠲᠤ ᠪᠠᠷ ᠪᠠᠶᠢᠭᠤᠯᠬᠤ ᠬᠠᠮᠲᠤᠷᠠᠯᠴᠠᠭ᠎ᠠ ᠥᠷᠨᠢᠭᠦᠯᠵᠦ᠂ ᠤᠶᠤᠲᠠᠳ ᠤᠨ | ᠤᠯᠠᠭᠠᠨᠬᠠᠳᠠ ᠳᠤ ᠢᠷᠡᠵᠦ ᠰᠠᠭᠤᠷᠢ ᠦᠢᠯᠡᠳᠦᠯᠭᠡ᠂ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠤ ᠰᠤᠳᠤᠯᠭᠠᠨ᠂ | ᠡᠷᠳᠡᠮ ᠰᠢᠨᠵᠢᠯᠡᠭᠡᠨ ᠤ ᠰᠣᠯᠢᠯᠴᠠᠭ᠎ᠠ ᠵᠡᠷᠭᠡ ᠠᠵᠢᠯᠯᠠᠭ᠎ᠠ ᠥᠷᠨᠢᠭᠦᠯᠪᠡ᠃ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ᠂ ᠪᠣᠯᠪᠠᠰᠤᠷᠠᠭᠤᠯᠤᠯ ᠤᠨ ᠪᠠᠶᠢᠭᠤᠯᠤᠮᠵᠢ᠂ ᠪᠣᠳᠠᠲᠠᠶ ᠪᠣᠯᠪᠠᠰᠤᠷᠠᠭᠤᠯᠤᠯ ᠤᠨ ᠰᠠᠭᠤᠷᠢᠨ ᠭᠠᠵᠠᠷ᠂ | ᠨᠡᠪᠴᠢᠭᠦᠯᠬᠦ ᠬᠦᠷᠢᠶᠡᠯᠡᠩ ᠲᠣᠭᠤᠷᠢᠭ ᠢ ᠰᠦᠢᠳᠬᠡᠯ ᠬᠤᠷᠢᠶᠠᠬᠤ ᠥᠬᠡᠶ ᠪᠠᠷ ᠨᠡᠭᠡᠭᠡᠵᠦ᠂ ᠪᠡᠯᠡᠳᠬᠡᠮᠵᠢ | ᠲᠥᠬᠦᠭᠡᠷᠦᠮᠵᠢ ᠬᠠᠩᠭᠠᠨ᠂ ᠳᠠᠪᠠᠭᠤᠯᠢᠭ ᠣᠨᠴᠠ ᠴᠢᠳᠠᠪᠤᠷᠢ ᠲᠠᠢ ᠪᠠᠨ ᠤᠶᠠᠯᠳᠤᠭᠤᠯᠤᠨ᠂ ᠢᠯᠡ ᠬᠢᠴᠢᠶᠡᠯ ᠪᠠ | ᠵᠢᠱᠢᠶ᠎ᠡ ᠦᠵᠡᠭᠦᠯᠬᠦ ᠬᠢᠴᠢᠶᠡᠯ ᠨᠡᠶᠢᠲᠡᠯᠡᠵᠦ᠂ ᠡᠷᠬᠢᠨ ᠲᠣᠭᠤᠷᠢᠨ ᠤ ᠭᠠᠵᠠᠷ ᠣᠷᠣᠨ ᠤ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠢ ᠲᠠᠳᠠᠨ ᠠᠪᠴᠢᠷᠠᠵᠤ ᠤᠯᠠᠭᠠᠨᠬᠠᠳᠠ ᠳᠤ ᠰᠤᠷᠤᠯᠴᠠᠭᠤᠯᠤᠨ ᠳᠡᠭᠡᠭᠰᠢᠯᠡᠭᠦᠯᠪᠡ᠃ ︵ᠲᠦᠷᠦᠭᠦᠯᠡᠬᠦ | ᠰᠠᠯᠠᠭ᠎ᠠ ᠮᠥᠴᠢᠷ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠬᠤᠲᠠ ᠶᠢᠨ ᠳᠣᠲᠣᠷᠠᠬᠢ ᠳᠥᠷᠪᠡᠨ ᠶᠡᠭᠡ ᠳᠡᠭᠡᠳᠦ ᠰᠤᠷᠭᠠᠭᠤᠯᠢ︔ ᠬᠠᠮᠵᠢᠯᠴᠠᠬᠤ ᠰᠠᠯᠠᠭ᠎ᠠ ᠮᠥᠴᠢᠷ᠄ | ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ | ᠪᠣᠯᠪᠠᠰᠤᠷᠠᠭᠤᠯᠤᠯ ᠤᠨ ᠪᠠᠶᠢᠭᠤᠯᠤᠮᠵᠢ ᠪᠠ ᠪᠣᠳᠠᠲᠠᠶ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠵᠡᠷᠭᠡ ᠬᠠᠮᠢᠶ᠎ᠠ | ᠪᠦᠬᠦᠢ ᠨᠢᠭᠡᠴᠡ︶ | ︵ᠲᠠᠪᠤ︶ ᠠᠵᠢᠯ ᠣᠯᠭᠤᠬᠤ ᠦᠢᠯᠡᠴᠢᠯᠡᠭᠡ ᠪᠠᠷ ᠨᠢᠭᠡ ᠪᠦᠯᠦᠭ ᠢ ᠠᠬᠢᠭᠤᠯᠤᠨ᠎ᠠ᠃ ᠪᠥᠬᠦ ᠵᠢᠯ ᠤᠨ | ᠠᠵᠢᠯᠲᠠᠨ ᠡᠯᠰᠡᠬᠦ ᠲᠥᠯᠥᠪᠯᠡᠭᠡ ᠶᠢ ᠨᠢᠭᠡᠳᠦᠯᠲᠡᠶ ᠲᠥᠯᠥᠪᠵᠢᠭᠦᠯᠦᠨ᠂ ᠡᠪᠦᠯ ᠵᠣᠨ ᠤ ᠠᠮᠠᠷᠠᠯᠲᠠ᠂ ᠲᠡᠭᠦᠰᠬᠦ | ᠡᠮᠦᠨᠡᠬᠢ ᠬᠤᠭᠤᠴᠠᠭᠠᠨ ᠤ ᠵᠡᠷᠭᠡ ᠴᠢᠬᠤᠯᠠ ᠴᠠᠭ ᠬᠤᠭᠤᠴᠠᠭᠠᠨ ᠳᠤ ᠲᠤᠰᠬᠠᠶ ᠰᠡᠳᠦᠪᠲᠦ ᠲᠤᠰᠬᠠᠶ ᠰᠡᠳᠦᠪᠲᠦ | ᠠᠵᠢᠯᠲᠠᠨ ᠡᠯᠰᠡᠬᠦ ᠠᠵᠢᠯᠯᠠᠭ᠎ᠠ ᠶᠢ ᠬᠤᠷᠠᠯᠳᠤᠭᠤᠯᠵᠤ᠂ ᠰᠠᠨᠠᠭᠠᠴᠢᠯᠠᠭ᠎ᠠ ᠠᠴᠠ ᠪᠠᠨ ᠬᠦᠷᠢᠶᠡᠯᠡᠩ ᠲᠣᠭᠤᠷᠢᠭ ᠲᠤ | ᠣᠷᠣᠬᠤ᠂ ᠠᠵᠤ ᠠᠬᠤᠶᠢᠯᠠᠯ ᠳᠤ ᠣᠷᠣᠬᠤ ᠠᠷᠭ᠎ᠠ ᠮᠠᠶ᠋ᠢᠭ ᠢᠶᠠᠷ ᠰᠢᠯᠢᠳᠡᠭ ᠠᠵᠢᠯ ᠤᠨ ᠪᠠᠶᠢᠷᠢ ᠶᠢ ᠠᠭᠤᠳᠠᠯᠵᠤ᠂ | ᠰᠠᠯᠠᠭ᠎ᠠ ᠮᠥᠴᠢᠷ ᠤᠨ ᠬᠠᠮᠲᠤᠷᠠᠯᠴᠠᠭ᠎ᠠ᠂ ᠠᠶᠢᠮᠠᠭ ᠬᠤᠲᠠ ᠶᠢᠨ ᠬᠠᠮᠲᠤᠷᠠᠯᠴᠠᠭ᠎ᠠ᠂ ᠭᠠᠵᠠᠷ ᠣᠷᠣᠨ ᠤ | ᠬᠠᠮᠲᠤᠷᠠᠯᠴᠠᠭ᠎ᠠ ᠪᠠᠷ ᠳᠠᠮᠵᠢᠭᠤᠯᠤᠨ ᠠᠵᠢᠯ ᠤᠨ ᠪᠠᠶᠢᠷᠢ ᠶᠢᠨ ᠬᠡᠪᠴᠢᠶ᠎ᠡ ᠪᠠᠨ ᠥᠷᠭᠡᠳᠬᠡᠵᠦ᠂ ᠠᠵᠢᠯᠲᠠᠨ ᠤ | ᠶᠠᠪᠤᠳᠠᠯ ᠤᠨ ᠰᠢᠯᠭᠠᠯᠲᠠ ᠬᠢᠭᠡᠳ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ | ᠵᠣᠯᠭᠠᠯᠴᠠᠭ᠎ᠠ ᠶᠢ ᠴᠢᠩᠭᠠᠳᠬᠠᠬᠤ ᠪᠠᠷ ᠳᠠᠮᠵᠢᠭᠤᠯᠤᠨ᠂ ᠡᠷᠬᠢᠨ ᠲᠣᠭᠤᠷᠢᠨ ᠤ ᠭᠠᠵᠠᠷ ᠣᠷᠣᠨ ᠤ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠤᠨ ᠤᠯᠠᠭᠠᠨᠬᠠᠳᠠ ᠳᠤ ᠢᠷᠡᠵᠦ ᠠᠵᠢᠯ ᠤᠯᠬᠤ ᠲᠣᠬᠢᠶᠠᠯ ᠢ ᠡᠷᠢᠯᠬᠢᠯᠡᠨ᠎ᠡ᠃ ︵ | ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠰᠠᠯᠠᠭ᠎ᠠ ᠮᠥᠴᠢᠷ᠄ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ᠂ | ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ | ᠬᠤᠲᠠ ᠶᠢᠨ ᠳᠣᠲᠣᠷᠠᠬᠢ ᠳᠥᠷᠪᠡᠨ ᠶᠡᠭᠡ ᠳᠡᠭᠡᠳᠦ ᠰᠤᠷᠭᠠᠭᠤᠯᠢ᠂ ᠡᠯ᠎ᠡ ᠤᠯᠤᠰ ᠤᠨ ᠥᠮᠴᠢᠯᠡᠯᠲᠦ ᠠᠵᠤ | ᠠᠬᠤᠶᠢᠯᠠᠯ ᠵᠡᠷᠭᠡ ᠬᠠᠮᠢᠶ᠎ᠠ ᠪᠥᠬᠦᠶ ᠨᠢᠭᠡᠴᠡ︶ | ︵ᠵᠢᠷᠭᠤᠭ᠎ᠠ︶ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠᠷ ᠨᠢᠭᠡ ᠪᠦᠯᠦᠭ ᠢ ᠲᠠᠲᠠᠨ᠎ᠠ᠃ ᠰᠣᠶᠣᠯ | ᠵᠢᠭᠤᠯᠴᠢᠯᠠᠯ ᠤᠨ ᠰᠠᠯᠠᠭ᠎ᠠ ᠮᠥᠴᠢᠷ ᠤᠳ ᠤᠶᠤᠲᠠᠳ ᠤᠨ ᠡᠭᠦᠳᠡᠨ ᠪᠢᠯᠧᠲ ᠢ ᠬᠠᠰᠤᠵᠤ ᠬᠡᠯᠲᠦᠷᠢᠭᠦᠯᠬᠦ ᠵᠡᠷᠭᠡ | ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠰᠤᠷᠤᠭᠴᠢᠳ ᠲᠤ ᠲᠣᠬᠢᠷᠠᠬᠤ ᠵᠢᠭᠤᠯᠴᠢᠯᠠᠯ ᠤᠨ ᠢᠵᠢ ᠬᠤᠭᠤᠯᠠ ᠶᠢ | ᠲᠣᠬᠢᠷᠠᠭᠤᠯᠤᠨ᠂ ᠳᠥᠭᠦᠮ ᠳᠥᠲᠡ ᠵᠢᠭᠤᠯᠴᠢᠯᠠᠯ ᠤᠨ ᠵᠠᠮ ᠬᠠᠷᠢᠯᠴᠠᠭᠠᠨ ᠤ ᠲᠤᠰᠬᠠᠶ ᠱᠤᠭᠤᠮ ᠢ ᠲᠣᠬᠢᠷᠠᠭᠤᠯᠵᠤ᠂ | ᠡᠯᠡᠰᠦᠨ ᠴᠦᠯ᠂ ᠲᠠᠯ᠎ᠠ ᠨᠤᠲᠤᠭ᠂ ᠣᠢ ᠰᠢᠭᠤᠶ᠂ ᠮᠥᠰᠥ ᠴᠠᠰᠤ ᠵᠡᠷᠭᠡ ᠪᠠᠶᠢᠭᠠᠯᠢ ᠶᠢᠨ ᠥᠩᠭᠡ ᠦᠵᠡᠮᠵᠢ ᠪᠣᠯᠤᠨ | ᠲᠠᠯ᠎ᠠ ᠨᠤᠲᠤᠭ ᠤᠨ ᠳᠠᠭᠤᠤ ᠬᠥᠭᠵᠢᠮ ᠤᠨ ᠨᠠᠶᠢᠷ ᠵᠡᠷᠭᠡ ᠬᠥᠮᠦᠨ ᠨᠡᠶᠢᠭᠡᠮ ᠤᠨ ᠵᠠᠩ ᠦᠢᠯᠡ ᠳᠤ ᠲᠦᠰᠢᠭᠯᠡᠨ᠂ | ᠤᠶᠤᠲᠠᠳ ᠤᠨ ᠤᠯᠠᠭᠠᠨᠬᠠᠳᠠ ᠳᠤ ᠢᠷᠡᠵᠦ ᠵᠢᠭᠤᠯᠴᠢᠯᠠᠬᠤ ᠶᠢ ᠲᠠᠲᠠᠨ᠎ᠠ᠃ ᠤᠯᠠᠮᠵᠢᠯᠠᠯᠲᠤ ᠰᠣᠶᠣᠯ ᠪᠡᠶ᠎ᠡ ᠶᠢᠨ | ᠲᠠᠮᠢᠷ ᠤᠨ ᠲᠥᠷᠥᠯ ᠵᠦᠢᠯ ᠳᠤ ᠲᠦᠰᠢᠭᠯᠡᠨ᠂ ᠣᠬᠤᠷ ᠸᠢᠳᠢᠣ᠋ ᠦᠢᠯᠡᠳᠬᠦ᠂ ᠴᠠᠬᠢᠮ ᠥᠷᠢᠰᠥᠯᠳᠦᠭᠡᠨ᠂ ᠺᠠᠷᠲ᠋ᠣᠨ | ᠵᠢᠷᠤᠭ ᠱᠤᠭ ᠵᠢᠷᠤᠭ ᠵᠡᠷᠭᠡ ᠰᠢᠨ᠎ᠡ ᠪᠠᠷ ᠬᠥᠭᠵᠢᠭᠰᠡᠨ ᠬᠠᠯᠠᠭᠤᠨ ᠴᠡᠭ ᠢ ᠠᠭᠤᠰᠤᠯᠴᠠᠭᠤᠯᠤᠨ᠂ ᠪᠡᠶ᠎ᠡ ᠶᠢᠨ | ᠲᠠᠮᠢᠷ ᠤᠨ ᠤᠷᠤᠯᠳᠤᠭᠠᠨ᠂ ᠤᠷᠠᠨ ᠰᠠᠶᠢᠬᠠᠨ ᠤ ᠲᠣᠭᠯᠠᠯᠲᠠ᠂ ᠪᠦᠲᠦᠭᠡᠯ ᠤᠨ ᠦᠵᠡᠭᠦᠯᠦᠯᠭᠡ ᠵᠡᠷᠭᠡ | ᠤᠷᠤᠯᠳᠤᠭᠠᠨ ᠤ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠶᠤᠲᠠᠳ ᠪᠠ | ᠵᠠᠯᠠᠭᠤᠴᠤᠳ ᠢ ᠤᠷᠢᠵᠤ ᠨᠡᠷ᠎ᠡ ᠮᠡᠳᠡᠭᠦᠯᠵᠦ ᠣᠷᠣᠯᠴᠠᠭᠤᠯᠬᠤ ᠪᠤᠶᠤ ᠲᠣᠭᠤᠷᠢᠨ ᠦᠵᠡᠵᠦ ᠵᠤᠭᠠᠴᠠᠭᠤᠯᠤᠨ᠎ᠠ᠃ | ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠶ ᠶᠢ ᠴᠡᠴᠡᠭᠯᠡᠭᠦᠯᠦᠨ ᠬᠥᠭᠵᠢᠭᠦᠯᠵᠦ᠂ ᠠᠮᠲᠠᠲᠤ ᠢᠳᠡᠭᠡᠨ ᠤ ᠰᠤᠶᠤᠯ | ᠶᠠᠪᠤᠳᠠᠯ ᠢ ᠳᠡᠯᠭᠡᠷᠡᠭᠦᠯᠵᠦ᠂ ᠵᠢᠭᠤᠯᠴᠢᠯᠠᠯ ᠤᠨ ᠪᠡᠶᠡᠴᠢ ᠣᠶᠢᠯᠠᠭᠠᠯᠲᠠ ᠶᠢ ᠪᠠᠶᠠᠯᠢᠭᠵᠢᠭᠤᠯᠤᠨ᠎ᠠ᠃ ︵ᠲᠦᠷᠦᠭᠦᠯᠡᠬᠦ | ᠰᠠᠯᠠᠭ᠎ᠠ ᠮᠥᠴᠢᠷ᠄ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ︔ | ᠬᠠᠮᠵᠢᠯᠴᠠᠬᠤ ᠰᠠᠯᠠᠭ᠎ᠠ ᠮᠥᠴᠢᠷ᠄ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ︶ | ᠲᠠᠪᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠬᠤ ᠬᠡᠷᠡᠭᠲᠡᠶ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ︵ᠨᠢᠭᠡᠴᠡ︶ ᠨᠢ ᠦᠵᠡᠯ ᠰᠠᠨᠠᠭ᠎ᠠ ᠪᠠᠨ ︽ᠴᠢᠳᠠᠪᠤᠷᠢᠲᠠᠨ ᠪᠣᠯ | ᠨᠢᠭᠡᠳᠦᠭᠡᠷ ᠡᠬᠢ ᠪᠠᠶᠠᠯᠢᠭ ᠮᠥᠨ︾ ᠭᠡᠬᠦ ᠳᠡᠭᠡᠳᠦ ᠬᠡᠮᠵᠢᠶᠡᠨ ᠳᠤ ᠨᠢᠭᠡᠳᠬᠡᠵᠦ᠂ ᠴᠢᠳᠠᠪᠤᠷᠢᠲᠠᠨ ᠢ ᠣᠷᠣᠭᠤᠯᠤᠨ | ᠠᠪᠴᠢᠷᠠᠵᠤ ᠴᠢᠳᠠᠪᠤᠷᠢᠲᠠᠨ ᠢ ᠦᠯᠡᠳᠡᠭᠡᠭᠰᠡᠨ ᠦᠷ᠎ᠡ ᠪᠦᠲᠦᠮᠵᠢ ᠶᠢ ᠰᠢᠢᠳᠪᠦᠷᠢᠲᠦ ᠪᠣᠳᠣᠯᠭ᠎ᠠ ᠲᠣᠭᠲᠠᠭᠠᠬᠤ | ᠴᠢᠬᠤᠯᠠ ᠪᠣᠳᠣᠯᠬᠢᠯᠠᠯ ᠤᠨ ᠭᠦᠢᠴᠡᠳᠬᠡᠯ ᠲᠤᠭ᠎ᠠ ᠪᠣᠯᠭᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠢᠳᠡᠪᠬᠢᠲᠡᠶ | ᠡᠮᠬᠢᠯᠡᠨ ᠨᠡᠶᠢᠯᠡᠭᠦᠯᠵᠦ᠂ ᠡᠯ᠎ᠡ ᠲᠠᠯ᠎ᠠ ᠶᠢᠨ ᠳᠠᠪᠠᠭᠤᠯᠢᠭ ᠢ ᠪᠠᠳᠠᠷᠠᠭᠤᠯᠤᠨ᠂ ᠴᠢᠳᠠᠪᠤᠷᠢᠲᠠᠨ ᠤ ᠠᠵᠢᠯ ᠤᠨ | ᠥᠷᠨᠢᠯᠲᠡ ᠶᠢ ᠳᠡᠭᠡᠳᠦ ᠬᠡᠮᠵᠢᠶ᠎ᠡ ᠪᠠᠷ ᠠᠬᠢᠭᠤᠯᠬᠤ ᠬᠡᠷᠡᠭᠲᠡᠶ᠃ ︽ᠲᠦᠮᠡᠨ ᠨᠡᠷᠡᠰ ᠰᠤᠷᠤᠭᠴᠢ ᠶᠢᠨ | ᠤᠯᠠᠭᠠᠨᠬᠠᠳᠠ ᠳᠠᠬᠢ ᠠᠶᠠᠯᠠᠯ︾ ᠤᠨ ᠠᠵᠢᠯᠯᠠᠭ᠎ᠠ ᠶᠢ ᠬᠤᠳᠠ ᠶᠢᠨ ᠨᠠᠮ ᠤᠨ ᠬᠤᠷᠢᠶ᠎ᠠ ᠶᠢᠨ ᠴᠢᠳᠠᠪᠤᠷᠢᠳᠠᠨ ᠤ | ᠠᠵᠢᠯ ᠤᠨ ᠤᠳᠤᠷᠢᠳᠬᠤ ᠲᠤᠭᠤᠶᠢᠯᠠᠩ ᠨᠢᠭᠡᠳᠦᠯᠳᠡᠢ ᠤᠳᠤᠷᠢᠳᠴᠤ᠂ ᠡᠯ᠎ᠡ ᠲᠦᠷᠦᠭᠦᠯᠡᠨ ᠬᠢᠬᠦ ᠨᠢᠭᠡᠴᠡ | ᠨᠢᠭᠡᠳᠦᠯᠳᠠᠢ ᠲᠦᠯᠦᠪᠯᠡᠨ ᠵᠢᠯᠤᠭᠤᠳᠴᠤ᠂ ᠵᠤᠬᠢᠴᠠᠭᠤᠯᠤᠨ ᠠᠬᠢᠭᠤᠯᠪᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ︶ ᠡᠭᠦᠷᠭᠡ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠷᠭ᠎ᠠ ᠬᠡᠮᠵᠢᠶ᠎ᠡ ᠶᠢ | ᠨᠠᠷᠢᠯᠢᠬᠵᠢᠭᠤᠯᠵᠤ᠂ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ︵ᠬᠤᠶᠠᠷ︶ ᠣᠷᠣᠭᠤᠯᠤᠯᠲᠠ ᠶᠢ ᠴᠢᠬᠤᠯᠠᠴᠢᠯᠠᠵᠤ᠂ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ︽ᠬᠡᠨ | ᠭᠤᠤᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠠᠵᠢᠯᠯᠠᠭ᠎ᠠ ᠶᠢ ᠬᠡᠷᠡᠭᠵᠢᠭᠦᠯᠬᠦ | ᠨᠢᠭᠡᠴᠡ ᠠᠴᠠ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠠᠮᠤᠷ ᠲᠦᠪᠰᠢᠨ ᠤ ᠬᠥᠮᠦᠵᠢᠯ ᠬᠢᠭᠡᠳ | ᠳᠠᠭᠠᠳᠬᠠᠯ ᠤᠨ ᠦᠢᠯᠡᠴᠢᠯᠡᠭᠡ ᠬᠠᠩᠭᠠᠵᠤ᠂ ᠠᠰᠠᠭᠤᠨ ᠯᠠᠪᠯᠠᠬᠤ ᠪᠠ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ | ᠪᠠᠶᠢᠭᠤᠯᠤᠨ᠂ ᠠᠵᠢᠯᠯᠠᠭ᠎ᠠ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠵᠦᠢᠯ ᠤᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ᠂ ᠠᠵᠢᠯᠯᠠᠭ᠎ᠠ ᠳᠤ | ᠬᠡᠷᠡᠭᠰᠡᠬᠦ ᠵᠠᠷᠤᠳᠠᠯ ᠢ ᠬᠠᠷᠢᠶ᠎ᠠ ᠭᠠᠵᠠᠷ ᠤᠨ ᠡᠳ᠋ ᠤᠨ ᠵᠠᠰᠠᠭ ᠠᠴᠠ ᠡᠭᠦᠷᠭᠡᠯᠡᠵᠦ᠂ ᠴᠠᠭ ᠲᠤᠬᠠᠶ ᠳᠤᠨᠢ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠡᠯ᠎ᠡ ᠵᠦᠢᠯ ᠤᠨ ᠤᠷᠮᠠᠰᠢᠭᠤᠯᠬᠤ ᠦᠢᠯᠡᠴᠢᠯᠡᠭᠡᠨ ᠤ ᠲᠥᠷᠥ ᠶᠢᠨ | ᠪᠣᠳᠣᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠨᠥᠬᠦᠴᠡᠯ ᠲᠠᠢ ᠭᠠᠵᠠᠷ ᠣᠷᠣᠨ ᠨᠢ ᠡᠯ᠎ᠡ | ᠭᠠᠵᠠᠷ ᠤᠨ ᠠᠵᠤ ᠠᠬᠤᠶᠢᠯᠠᠯ ᠪᠣᠯᠤᠨ ᠪᠠᠶᠢᠭᠤᠯᠤᠮᠵᠢ ᠶᠢᠨ ᠳᠡᠮᠵᠢᠯᠭᠡ ᠶᠢ ᠡᠷᠢᠵᠦ ᠪᠣᠯᠬᠤ ᠪᠥᠭᠡᠳ ᠤᠶᠤᠲᠠᠳ ᠲᠤ | ᠵᠠᠮ ᠬᠠᠷᠢᠯᠴᠠᠭ᠎ᠠ᠂ ᠬᠤᠨᠣᠵᠤ ᠬᠡᠪᠲᠡᠬᠦ᠂ ᠬᠤᠭᠤᠯᠠ ᠤᠮᠳᠠᠭᠠᠨ ᠵᠡᠷᠭᠡ ᠬᠠᠷᠠᠭᠠᠯᠵᠠᠯ ᠤᠨ ᠨᠥᠬᠦᠴᠡᠯ ᠬᠠᠩᠭᠠᠬᠤ | ᠬᠡᠷᠡᠭᠲᠡᠢ᠃ | ︵ᠭᠤᠷᠪᠠ︶ ᠤᠬᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠡᠯ᠎ᠡ | ᠭᠠᠵᠠᠷ ᠣᠷᠣᠨ᠂ ᠡᠯ᠎ᠡ ᠰᠠᠯᠠᠭ᠎ᠠ ᠮᠥᠴᠢᠷ ︵ᠨᠢᠭᠡᠴᠡ︶ ᠰᠢᠨ᠎ᠡ ᠵᠠᠭᠤᠴᠢᠯᠠᠭᠤᠷ᠂ ᠣᠬᠤᠷ ᠸᠢᠳᠢᠣ᠋ ᠵᠡᠷᠭᠡ | ᠲᠠᠪᠴᠠᠩ ᠢ ᠭᠦᠢᠴᠡᠳ ᠠᠰᠢᠭᠯᠠᠵᠤ᠂ ︽ᠲᠦᠮᠡᠨ ᠨᠡᠷᠡᠰ ᠰᠤᠷᠤᠭᠴᠢᠳ ᠤᠨ ᠤᠯᠠᠭᠠᠨᠬᠠᠳᠠ ᠳᠠᠬᠢ ᠠᠶᠠᠯᠠᠯ︾ ᠤᠨ | ᠠᠵᠢᠯᠯᠠᠭ᠎ᠠ ᠶᠢ ᠰᠢᠰᠲ᠋ᠧᠮ ᠲᠠᠢ ᠤᠬᠠᠭᠠᠯᠠᠨ ᠤᠬᠠᠭᠤᠯᠵᠤ᠂ ᠠᠵᠢᠯᠯᠠᠭ᠎ᠠ ᠶᠢᠨ ᠤᠷᠢᠳᠴᠢᠯᠠᠨ ᠮᠡᠳᠡᠭᠳᠡᠬᠦ᠂ ᠰᠢᠭᠤᠳ | ᠨᠡᠪᠲᠡᠷᠡᠭᠦᠯᠭᠡ ᠪᠠᠷ ᠭᠤᠶᠢᠳᠠ ᠰᠠᠶᠢᠬᠠᠨ ᠭᠱᠠᠨ ᠵᠠᠭᠤᠷ᠎ᠠ ᠰᠡᠳᠦᠪᠯᠡᠵᠦ᠂ ᠶᠠᠷᠢᠶᠠᠨ ᠤ ᠰᠡᠳᠦᠪ ᠢ ᠲᠤᠬᠢᠷᠠᠭᠤᠯᠵᠤ᠂ | ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠵᠢᠴᠢ ᠤᠶᠤᠲᠠᠳ ᠤᠨ ᠠᠵᠢᠯ ᠣᠯᠵᠤ ᠦᠢᠯᠡᠰ ᠪᠤᠰᠬᠠᠬᠤ | ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠵᠤ᠂ ᠤᠯᠠᠭᠠᠨᠬᠠᠳᠠ ᠬᠤᠳᠠ ᠶᠢᠨ ᠴᠢᠳᠠᠪᠤᠷᠢᠲᠠᠨ ᠢ ᠰᠢᠯᠢᠨ | ᠰᠣᠩᠭᠤᠬᠤ᠂ ᠴᠢᠳᠠᠪᠤᠷᠢᠲᠠᠨ ᠢ ᠬᠥᠮᠦᠵᠢᠭᠦᠯᠬᠦ ᠦᠨᠡᠨᠴᠢ ᠰᠡᠳᠬᠢᠯ ᠪᠣᠯᠤᠨ ᠴᠢᠳᠠᠪᠤᠷᠢᠲᠠᠨ ᠢ ᠣᠷᠣᠭᠤᠯᠤᠨ | ᠠᠪᠴᠢᠷᠠᠬᠤ᠂ ᠴᠢᠳᠠᠪᠤᠷᠢᠲᠠᠨ ᠢ ᠰᠠᠶᠢᠲᠤᠷ ᠬᠡᠷᠡᠭᠯᠡᠬᠦ ᠪᠣᠳᠠᠲᠤ ᠠᠮᠵᠢᠯᠲᠠ ᠶᠢ ᠤᠯᠠᠨ ᠨᠡᠶᠢᠲᠡ ᠳᠤ ᠤᠯᠠᠮᠵᠢᠯᠠᠵᠤ᠂ | ᠪᠦᠬᠦ ᠨᠡᠶᠢᠭᠡᠮ ᠳᠤ ᠴᠢᠳᠠᠪᠤᠷᠢᠲᠠᠨ ᠢ ᠬᠦᠨᠳᠦᠳᠬᠡᠬᠦ᠂ ᠰᠢᠨ᠎ᠡ ᠶᠢ ᠡᠭᠦᠳᠬᠦ ᠶᠢ ᠡᠷᠬᠢᠮᠯᠡᠬᠦ ᠭᠦᠨ ᠵᠤᠵᠠᠭᠠᠨ ᠠᠭᠤᠷ | ᠠᠮᠢᠰᠬᠤᠯ ᠢ ᠪᠤᠢ ᠪᠣᠯᠭᠠᠬᠤ ᠬᠡᠷᠡᠭᠲᠡᠢ᠃ | | | | |