ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ 2025 ᠣᠨ ᠤ ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠵᠠᠷᠯᠠᠨ ᠨᠡᠶᠢᠲᠡᠯᠡᠬᠦ ᠠᠯᠪᠠᠨ ᠵᠠᠷ
ᠨᠡᠶᠢᠲᠡᠯᠡᠭᠰᠡᠨ ᠴᠠᠭ᠄
2024/11/15
         ᠢᠷᠡᠯᠲᠡ᠄ ᠣᠩᠨᠢᠭᠤᠳ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ1.ᠲᠥᠷᠥᠯ ᠵᠦᠢᠯ ᠤᠨ ᠨᠡᠷᠡᠶᠢᠳᠦᠯ᠄ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ 2025 ᠣᠨ ᠤ ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ᠃2. ᠲᠥᠷᠥᠯ ᠵᠦᠢᠯ ᠤᠨ ᠭᠠᠵᠠᠷ ᠨᠢ ᠣᠩᠨᠢᠭᠤᠳ ᠬᠤᠰᠢᠭᠤᠨ ᠤ ᠪᠣᠷᠣᠬᠤᠲᠠ ᠪᠠᠯᠭᠠᠰᠤ᠃3. ᠲᠥᠷᠥᠯ ᠵᠦᠢᠯ ᠤᠨ ᠬᠡᠪᠴᠢᠶ᠎ᠡ᠄ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ 2025 ᠣᠨ ᠤ ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ᠂ ᠲᠥᠷᠥᠯ ᠵᠦᠢᠯ ᠨᠢ ᠣᠩᠨᠢᠭᠤᠳ ᠬᠤᠰᠢᠭᠤᠨ ᠤ ᠪᠣᠷᠣᠬᠤᠲᠠ ᠪᠠᠯᠭᠠᠰᠤ ᠶᠢᠨ 30 ᠵᠢᠵᠢᠭ ᠲᠣᠭᠤᠷᠢᠭ᠂ ᠣᠷᠣᠨ ᠰᠠᠭᠤᠴᠠ ᠶᠢᠨ ᠠᠰᠠᠷ ᠲᠤ ᠬᠤᠯᠪᠣᠭᠳᠠᠵᠤ᠂ ᠬᠤᠯᠪᠣᠭᠳᠠᠭᠰᠠᠨ ᠡᠷᠦᠬᠡ ᠶᠢᠨ ᠲᠤᠭ᠎ᠠ 2671 ᠡᠷᠦᠬᠡ ᠪᠠᠶᠢᠨ᠎ᠠ᠃4. ᠲᠥᠷᠥᠯ ᠵᠦᠢᠯ ᠤᠨ ᠥᠭᠡᠷᠡᠴᠢᠯᠡᠯᠲᠡ ᠶᠢᠨ ᠠᠭᠤᠯᠭ᠎ᠠ ᠳᠤ ᠵᠢᠵᠢᠭ ᠲᠣᠭᠤᠷᠢᠭ ᠤᠨ ᠳᠣᠲᠣᠷᠠᠬᠢ ᠬᠡᠷ ᠤᠨ ᠳᠣᠲᠣᠷᠠᠬᠢ ᠤᠰᠤ ᠰᠡᠷᠭᠡᠶᠢᠯᠡᠬᠦ᠂ ᠬᠡᠷᠡᠮ ᠤᠨ ᠳᠤᠯᠠᠭᠠᠨ ᠢ ᠬᠠᠮᠠᠭᠠᠯᠠᠬᠤ ︵ᠭᠠᠳᠠᠷ ᠬᠡᠷᠡᠮ ᠤᠨ ᠰᠢᠷᠯᠢᠭ ᠡᠳ᠋ ᠪᠠᠭᠲᠠᠨ᠎ᠠ︶᠂ ᠬᠡᠰᠡᠭ ᠡᠭᠦᠳᠡ ᠶᠢ ᠰᠣᠯᠢᠬᠤ᠂ ᠭᠠᠵᠠᠷ ᠤᠨ ᠭᠠᠳᠠᠷᠭᠤ ᠶᠢ ᠬᠠᠲᠠᠭᠤᠷᠠᠭᠤᠯᠬᠤ ᠵᠡᠷᠭᠡ ᠪᠠᠭᠲᠠᠨ᠎ᠠ᠃ ᠭᠡᠷ ᠤᠨ ᠭᠠᠳᠠᠷᠭᠤ ᠳᠤ 70038 ᠲᠡᠭᠰᠢ ᠳᠥᠷᠪᠡᠯᠵᠢᠨ ᠮᠧᠲᠷ ᠤᠰᠤ ᠰᠡᠷᠭᠡᠶᠢᠯᠡᠬᠦ ᠶᠢ ᠰᠢᠨ᠎ᠡ ᠪᠠᠷ ᠪᠠᠶᠢᠭᠤᠯᠵᠤ᠂ 117900 ᠲᠡᠭᠰᠢ ᠳᠥᠷᠪᠡᠯᠵᠢᠨ ᠮᠧᠲᠷ ᠭᠠᠳᠠᠷ ᠬᠡᠷᠡᠮ ᠤᠨ ᠪᠤᠳᠤᠭᠲᠤ ᠡᠳ᠋ ︵ᠭᠠᠳᠠᠷ ᠬᠡᠷᠡᠮ ᠤᠨ ᠰᠢᠷᠯᠢᠭ ᠡᠳ᠋ 117900 ᠲᠡᠭᠰᠢ ᠳᠥᠷᠪᠡᠯᠵᠢᠨ ᠮᠧᠲᠷ ᠪᠠᠶᠢᠵᠤ᠂ 244 ᠮᠤᠲᠤᠨ ᠡᠭᠦᠳᠡ ᠶᠢ  ᠨᠤᠷᠠᠭᠠᠵᠤ᠂ 244 ᠪᠤᠯᠤᠳ ᠡᠭᠦᠳᠡ ᠤᠭᠰᠠᠷᠠᠵᠤ᠂ 51317 ᠲᠡᠭᠰᠢ ᠳᠥᠷᠪᠡᠯᠵᠢᠨ ᠮᠧᠲᠷ ᠭᠠᠵᠠᠷ ᠤᠨ ᠭᠠᠳᠠᠷᠭᠤ ᠶᠢ ᠬᠠᠲᠠᠭᠤᠷᠠᠭᠤᠯᠪᠠ᠃5 ᠶᠡᠷᠦᠩᠬᠡᠢ ᠪᠡᠯᠡ ᠤᠷᠤᠭᠤᠯᠤᠯᠲᠠ  ᠄ 5519.58 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠡᠭᠦᠨ ᠳᠤ ᠨᠢᠭᠡᠳᠦᠭᠡᠷ ᠬᠡᠰᠡᠭ ᠪᠠᠷᠢᠯᠭ᠎ᠠ ᠶᠢᠨ ᠰᠦᠢᠳᠬᠡᠯ᠄ 4781.35 ᠲᠦᠮᠡᠨ ᠲᠥᠭᠦᠷᠢᠭ᠂ ᠶᠡᠷᠦᠩᠬᠡᠢ ᠪᠡᠯᠡ ᠣᠷᠣᠭᠤᠯᠤᠯᠲᠠ ᠶᠢᠨ 86.63% ᠶᠢ ᠡᠵᠡᠯᠡᠵᠦ᠂ ᠬᠤᠶᠠᠳᠤᠭᠠᠷ ᠬᠡᠰᠡᠭ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠤᠰᠤᠳ ᠵᠠᠷᠤᠳᠠᠯ 329.38 ᠲᠦᠮᠡᠨ ᠲᠥᠭᠦᠷᠢᠭ᠂ ᠶᠡᠷᠦᠩᠬᠡᠢ ᠪᠡᠯᠡ ᠣᠷᠣᠭᠤᠯᠤᠯᠲᠠ ᠶᠢᠨ 5.97% ᠶᠢ ᠡᠵᠡᠯᠡᠵᠦ᠂ ᠭᠤᠷᠪᠠᠳᠤᠭᠠᠷ ᠬᠡᠰᠡᠭ ᠪᠠᠷᠢᠯᠭ᠎ᠠ ᠶᠢᠨ ᠦᠨᠳᠦᠰᠦᠨ ᠪᠡᠯᠡᠳᠬᠡᠯ ᠰᠦᠢᠳᠬᠡᠯ᠄ 408.86 ᠲᠦᠮᠡᠨ ᠲᠥᠭᠦᠷᠢᠭ᠂ ᠶᠡᠷᠦᠩᠬᠡᠢ ᠪᠡᠯᠡ ᠣᠷᠣᠭᠤᠯᠤᠯᠲᠠ ᠶᠢᠨ 7.41% ᠶᠢ ᠡᠵᠡᠯᠡᠵᠡᠢ᠃6. ᠪᠠᠯᠠ ᠮᠥᠩᠭᠦ ᠶᠢᠨ ᠢᠷᠡᠯᠲᠡ᠄ ᠶᠡᠷᠦᠩᠬᠡᠶ ᠪᠠᠯᠠ ᠣᠷᠣᠭᠤᠯᠤᠯᠲᠠ 5519.58 ᠲᠦᠮᠡᠨ ᠲᠥᠭᠦᠷᠢᠭ ᠪᠠᠶᠢᠵᠤ᠂ ᠡᠭᠦᠨ ᠳᠤ᠄ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ 4000 ᠲᠦᠮᠡᠨ ᠲᠥᠭᠦᠷᠢᠭ ᠭᠤᠶᠤᠴᠢᠯᠠᠨ᠎ᠠ᠂ ᠪᠤᠰᠤᠳ ᠨᠢ 1519.58 ᠲᠦᠮᠡᠨ ᠲᠥᠭᠦᠷᠢᠭ ᠤᠨ ᠣᠷᠣᠨ ᠨᠤᠲᠤᠭ ᠤᠨ ᠵᠠᠰᠠᠭ ᠤᠨ ᠣᠷᠳᠣᠨ ᠢᠵᠢ ᠪᠥᠷᠢᠳᠦᠭᠦᠯᠦᠨ᠎ᠡ᠃ᠬᠤᠶᠠᠷ᠂ ᠲᠥᠷᠥᠯ ᠵᠦᠢᠯ ᠣᠷᠣᠰᠢᠵᠤ ᠮᠡᠳᠡᠬᠦ ᠨᠥᠯᠥᠭᠡᠲᠣᠰ ᠲᠥᠷᠥᠯ ᠵᠦᠢᠯ ᠨᠢ ᠠᠮᠢ ᠠᠬᠤᠶ ᠶᠢᠨ ᠣᠷᠴᠢᠨ ᠲᠣᠭᠤᠷᠢᠨ ᠤ ᠨᠥᠯᠥᠭᠡᠯᠡᠯ᠂ ᠠᠮᠢ ᠠᠬᠤᠶ ᠶᠢᠨ ᠣᠷᠴᠢᠨ ᠲᠣᠭᠤᠷᠢᠨ ᠤ ᠨᠥᠯᠥᠭᠡ ᠪᠠ ᠵᠠᠰᠠᠬᠤ ᠠᠷᠭ᠎ᠠ ᠬᠡᠮᠵᠢᠶ᠎ᠡ ᠵᠡᠷᠭᠡ ᠳᠤ ᠨᠥᠯᠥᠭᠡᠯᠡᠭᠳᠡᠬᠦ ᠪᠣᠯᠤᠯᠴᠠᠭ᠎ᠠ ᠲᠠᠢ᠃ᠭᠤᠷᠪᠠ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠬᠦᠷᠢᠶ᠎ᠡ ᠬᠡᠪᠴᠢᠶ᠎ᠡ᠂ ᠠᠷᠭ᠎ᠠ ᠮᠠᠶ᠋ᠢᠭ ᠵᠢᠴᠢ ᠬᠤᠭᠤᠴᠠᠭ᠎ᠠ ᠬᠢᠵᠠᠭᠠᠷ1. ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠬᠡᠪᠴᠢᠶ᠎ᠡᠲᠤᠰ ᠲᠥᠷᠥᠯ ᠵᠦᠢᠯ ᠤᠨ ᠣᠷᠣᠨ ᠤ ᠳᠣᠲᠣᠷᠠᠬᠢ ᠵᠢᠴᠢ ᠣᠶᠢᠷ᠎ᠠ ᠬᠠᠪᠢ ᠶᠢᠨ ᠲᠥᠷᠥᠯ ᠵᠦᠢᠯ ᠳᠤ ᠨᠥᠯᠥᠭᠡᠯᠡᠭᠳᠡᠵᠦ ᠮᠡᠳᠡᠬᠦ ᠲᠠᠷᠢᠶᠠᠴᠢᠨ ᠪᠣᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠵᠡᠷᠭᠡ᠃2. ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠷᠭ᠎ᠠ ᠮᠠᠶ᠋ᠢᠭᠵᠠᠷᠯᠠᠨ ᠨᠡᠶᠢᠲᠡᠯᠡᠬᠦ ᠬᠤᠭᠤᠴᠠᠭᠠᠨ ᠳᠤ᠂ ᠣᠯᠠᠨ ᠨᠡᠶᠢᠲᠡ ᠪᠠᠷ ᠢᠶᠠᠨ ᠪᠢᠴᠢᠭ ᠢᠶᠠᠷ ᠰᠠᠨᠠᠯ᠂ ᠤᠳᠠᠰᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ ᠵᠢᠴᠢ ᠦᠨᠡᠯᠡᠨ ᠵᠢᠱᠢᠬᠦ ᠭᠤᠤᠯ ᠴᠣᠭᠴᠠ ᠲᠠᠢ ᠬᠠᠷᠢᠯᠴᠠᠵᠤ᠂ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠲᠠᠯ᠎ᠠ ᠳᠤ ᠰᠠᠨᠠᠯ ᠵᠢᠴᠢ ᠰᠠᠨᠠᠭᠤᠯᠭ᠎ᠠ ᠨᠡᠶᠢᠲᠡᠯᠡᠵᠦ ᠪᠣᠯᠤᠨ᠎ᠠ᠃3. ᠢᠯᠡ ᠨᠠᠶᠢᠳᠡᠯᠡᠯ ᠤᠨ ᠡᠬᠢᠯᠡᠵᠦ ᠳᠠᠭᠤᠰᠬᠤ ᠴᠠᠭ ᠬᠤᠭᠤᠴᠠᠭ᠎ᠠ᠄ ᠢᠯᠡ ᠨᠡᠶᠢᠲᠡᠯᠡᠭᠰᠡᠨ ᠡᠳᠦᠷ ᠠᠴᠠ ᠡᠬᠢᠯᠡᠨ 15 ᠡᠳᠦᠷ ᠪᠣᠯᠣᠨ᠎ᠠ᠃ᠳᠥᠷᠪᠡ᠂ ᠦᠨᠡᠯᠡᠨ ᠵᠢᠱᠢᠬᠦ ᠭᠤᠣᠯ ᠴᠣᠭᠴᠠ ᠵᠢᠴᠢ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠢᠦᠨᠡᠯᠡᠨ ᠵᠢᠱᠢᠬᠦ ᠭᠤᠣᠯ ᠴᠣᠭᠴᠠ᠄ ᠣᠩᠨᠢᠭᠤᠳ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠᠬᠠᠷᠢᠯᠴᠠᠬᠤ ᠬᠥᠮᠦᠨ᠄ ᠵᠠᠩ ᠠᠪᠤᠭᠠᠢ ᠶᠢᠨ ᠬᠠᠷᠢᠯᠴᠠᠬᠤ ᠤᠲᠠᠰᠤ᠄ 0476 - 6328867ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ᠄ ᠵᠥᠩ ᠬᠤᠩ ᠵᠢᠷᠤᠭ ᠲᠥᠯᠥᠪᠯᠡᠭᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠤᠯᠠᠭᠠᠨᠬᠠᠳᠠ ᠬᠤᠲᠠ ᠶᠢᠨ ᠬᠤᠪᠢᠶᠠᠷᠢ ᠺᠣᠮᠫᠠᠨᠢᠬᠠᠷᠢᠯᠴᠠᠬᠤ ᠬᠥᠮᠦᠨ᠄ ᠰᠥᠩ ᠠᠪᠠᠭ᠋ᠠᠶ ᠬᠠᠷᠢᠯᠴᠠᠬᠤ ᠤᠲᠠᠰᠤ᠄ 13848865022ᠣᠩᠨᠢᠭᠤᠳ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠲᠣᠪᠴᠢᠶ᠎ᠠ                                     2024 ᠣᠨ ᠤ 11 ᠰᠠᠷ᠎ᠠ ᠶᠢᠨ 14 ᠤ ᠡᠳᠦᠷ
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号